ᠰᠢᠶᠠᠨ ᠤ ᠨᠠᠮ ᠵᠠᠰᠠᠭ ᠤᠨ ᠤᠳᠤᠷᠢᠳᠤᠯᠭ᠎ᠠ ᠬᠤᠩ ᠾᠧ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠴᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/15
     10 ᠳ᠋ᠤᠭᠠᠷ ᠰᠠᠷ᠎ᠠ ᠶᠢᠨ 10 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠵᠢᠶᠦ᠋ᠨ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ ᠸᠠᠩ ᠴᠢᠩ ᠬᠤᠩ ᠾᠧ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳᠠᠪᠠᠷ ᠬᠤᠩ ᠾᠧ ᠪᠠᠯᠭᠠᠰᠤᠨ ᠳᠤ ᠬᠦᠷᠴᠦ ᠶᠠᠳᠠᠭᠤ ᠶᠢ ᠲᠡᠳᠬᠦᠬᠦ ᠬᠥᠳᠡᠯᠦᠩᠭᠦᠶ ᠲᠣᠬᠢᠷᠠᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠯᠲᠡ ᠪᠣᠯᠤᠨ ᠬᠠᠮᠢᠶᠠᠷᠤᠯᠲᠠ᠂ 2020 ᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ 2020 ᠣᠨ ᠤ ᠣᠷᠣᠯᠭ᠎ᠠ ᠶᠢ ᠬᠡᠮᠵᠢᠨ ᠪᠣᠳᠣᠬᠤ ᠠᠵᠢᠯ ᠤᠨ ᠲᠤᠬᠠᠶ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠠᠶ᠃ ᠳᠠᠷᠠᠭ᠎ᠠ ᠠᠯᠬᠤᠮ ᠤᠨ ᠠᠵᠢᠯ ᠤᠨ ᠳᠤᠮᠳᠠ᠂ ᠨᠢᠭᠡ ᠳᠤ᠂ ᠲᠣᠭᠲᠠᠭᠤᠨ ᠮᠥᠷᠲᠡᠭᠡᠨ ᠨᠠᠷᠢᠯᠢᠭ᠂ ᠨᠢᠭᠲᠠ ᠠᠴᠠ ᠨᠢᠭᠲᠠ ᠪᠠᠶᠢᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠲᠠᠰᠤ ᠵᠣᠭᠰᠣᠭᠠᠵᠤ᠂ 2020 ᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠰᠡᠭᠦᠯ ᠬᠤᠷᠢᠶᠠᠬᠤ ᠳᠠᠶᠢᠨ︾ ᠳᠤ ᠢᠯᠠᠯᠲᠠ ᠤᠯᠬᠤ ᠶᠢᠨ ᠲᠥᠯᠥᠭᠡ ︽ᠠᠵᠤ ᠠᠬᠤᠶ ᠶᠢᠨ ᠲᠠᠩᠰᠠ︾ ᠶᠢ ᠰᠠᠶᠢᠲᠤᠷ ᠪᠤᠳᠤᠬᠤ ᠬᠡᠷᠡᠭᠲᠡᠶ︔ ᠬᠤᠶᠠᠷ ᠲᠤ ᠠᠵᠢᠯᠯᠠᠬᠤ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠮᠦᠨᠡᠬᠢ ᠬᠤᠭᠤᠴᠠᠭᠠᠨ ᠤ ᠲᠤᠭ᠎ᠠ ᠪᠦᠷᠢᠳᠬᠡᠯ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠪᠠᠶᠢᠴᠠᠭᠠᠨ ᠲᠣᠳᠣᠯᠠᠭᠰᠠᠨ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠰᠠᠨᠠᠭ᠎ᠠ ᠪᠠ ᠪᠣᠳᠠᠲᠠᠶ ᠠᠵᠢᠯ ᠤᠨ ᠴᠢᠳᠠᠪᠤᠷᠢ ᠶᠢ ᠦᠨᠳᠦᠰᠦᠯᠡᠨ᠂ ᠬᠥᠮᠦᠨ ᠪᠠ ᠠᠵᠢᠯ ᠤᠨ ᠪᠠᠶᠢᠷᠢ ᠶᠢ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠨ ᠬᠦ ᠬᠠᠪᠰᠤᠷᠤᠨ ᠲᠡᠳᠬᠦᠵᠦ ᠠᠵᠢᠯ ᠣᠯᠭᠤᠯᠲᠠ ᠶᠢ ᠪᠡᠶᠡᠯᠡᠭᠦᠯᠵᠦ᠂ ︽ᠵᠢᠷᠭᠤᠭ᠎ᠠ ᠶᠢ ᠪᠠᠲᠤᠯᠠᠵᠤ ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠳᠠᠷᠠᠭ᠎ᠠ ᠨᠢ ᠥᠪᠥᠷ ᠮᠣᠩᠭᠤᠯ ᠤᠨ ᠨᠦᠩ ᠶᠤᠸᠠᠨ ᠠᠷᠠᠯᠵᠢᠶ᠎ᠠ ᠬᠤᠳᠠᠯᠳᠤᠭ᠎ᠠ ᠬᠤᠯᠢᠮᠠᠭ ᠠᠮᠤ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠢᠩ ᠰᠢᠦᠸᠠᠨ ᠪᠠᠷᠠᠭ᠎ᠠ ᠶᠢᠨ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠴᠢᠩ ᠱᠦᠶ ᠾᠧ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠦᠢᠯᠡᠰ ᠤᠨ ᠲᠥᠷᠥᠯ ᠵᠦᠢᠯ ᠤᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠠᠰᠢᠭᠯᠠᠯᠲᠠ ᠳᠤ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠵᠤ᠂ ᠵᠢᠯᠣᠭᠤᠳᠬᠤ ᠰᠠᠨᠠᠯ ᠭᠠᠷᠭᠠᠪᠠ᠃      ᠸᠠᠩ ᡁᠢ ᠴᠢᠶᠠᠩ ᠴᠢᠬᠤᠯᠠᠴᠢᠯᠠᠭᠰᠠᠨ ᠨᠢ᠂ ᠠᠵᠤ ᠦᠢᠯᠡᠰ ᠪᠣᠯ ᠶᠠᠳᠠᠭᠤ ᠠᠴᠠ ᠠᠩᠭᠢᠵᠢᠷᠠᠭᠤᠯᠬᠤ ᠶᠢᠨ ᠰᠠᠭᠤᠷᠢ᠂ ᠠᠷᠠᠳ ᠢ ᠪᠠᠶᠠᠵᠢᠭᠤᠯᠬᠤ ᠶᠢᠨ ᠦᠨᠳᠦᠰᠦ ᠮᠥᠨ᠂ ᠪᠠᠰᠠ ᠴᠤ ᠲᠠᠷᠢᠶᠠᠯᠠᠩ ᠢ ᠠᠬᠢᠭᠤᠯᠵᠤ ᠠᠷᠠᠳ ᠢ ᠪᠠᠶᠠᠵᠢᠭᠤᠯᠬᠤ᠂ ᠲᠣᠭᠲᠠᠭᠤᠨ ᠪᠠᠶᠢᠳᠠᠯ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠨᠡᠮᠡᠭᠳᠡᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠬᠦ ᠬᠠᠮᠤᠭ ᠤᠨ ᠰᠢᠭᠤᠳ ᠪᠦᠲᠦᠮᠵᠢᠲᠡᠶ ᠠᠷᠭ᠎ᠠ ᠵᠠᠮ ᠮᠥᠨ ᠃ ᠬᠤᠩ ᠾᠧ ᠪᠠᠯᠭᠠᠰᠤ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ᠂ ᠨᠢᠭᠡᠳᠦᠭᠡᠷ ᠲᠤ᠂ ᠲᠤᠰ ᠨᠤᠲᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠤᠳᠤ ᠶᠢᠨ ᠪᠠᠶᠢᠭ᠎ᠠ ᠠᠵᠤ ᠠᠬᠤᠢ ᠶᠢᠨ ᠰᠠᠭᠤᠷᠢ ᠳᠡᠭᠡᠷ᠎ᠡ ᠴᠢᠨᠠᠭᠰᠢᠳᠠ ᠰᠠᠶᠢᠲᠤᠷ ᠤᠷᠲᠤᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ︔ ᠬᠤᠶᠠᠳᠤᠭᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤ ᠨᠠᠶᠢᠳᠠᠪᠤᠷᠢᠲᠠᠢ᠂ ᠴᠢᠨᠡᠭᠡᠯᠢᠭᠵᠢᠬᠦ ᠵᠠᠮ ᠢ ᠶᠠᠪᠤᠬᠤ ᠲᠤᠳᠤᠮ ᠥᠷᠭᠡᠨ ᠪᠣᠯᠭᠠᠬᠤ ᠬᠡᠷᠡᠭᠲᠡᠢ ᠭᠡᠵᠡᠢ᠃      ᠬᠤᠩ ᠾᠧ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠴᠢᠶᠣᠤ ᡁᠢ ᠶᠦᠩ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠴᠢᠶᠣᠤ ᠨᠠᠨ᠂ ᠳᠡᠳ᠋ ᠪᠠᠯᠭᠠᠰᠤᠨ ᠳᠠᠷᠤᠭ᠎ᠠ ᠭᠤᠤ ᠱᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1