ᠲᠤᠩ ᠬᠢᠰᠤᠭ᠎ᠠ ᠶᠢᠨ ᠲᠦᠷᠦᠯ+ ᠮᠦᠬᠦ ᠶᠢᠨ ᠲᠦᠷᠦᠯ᠃ ᠴᠠᠶᠢᠷ ᠨᠢ ᠦᠯᠦ ᠬᠠᠯᠳᠠᠭᠠᠬᠤ ᠴᠢᠳᠠᠪᠤᠷᠢ ᠳᠤ | ᠵᠤᠬᠢᠬᠤ ᠲᠤᠬᠢᠷᠠᠭᠤᠯᠤᠯᠲᠠ ᠪᠤᠯᠳᠠᠭ᠃ ᠲᠤᠩ ᠬᠢᠰᠤᠭ᠎ᠠ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ | ᠠᠭᠤᠯᠤᠭᠳᠠᠳᠠᠭ᠃ ᠬᠡᠷᠪᠡ ᠲᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ ᠮᠦᠬᠦ ᠶᠢᠨ | ᠲᠦᠷᠦᠯ ᠢ ᠢᠳᠡᠭᠰᠡᠨ ᠴᠦ ᠪᠤᠯᠤᠨ᠎ᠠ ᠃ ᠮᠦᠭᠦ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠪᠠᠶᠢᠬᠤ ᠠᠴᠠ | ᠭᠠᠳᠠᠨ᠎ᠠ᠂ ᠰᠢᠬᠢᠷ ᠡᠯᠪᠡᠭ ᠪᠠᠶᠢᠵᠦ᠂ ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ | ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨ ᠨᠤᠨᠳᠠᠭ᠂ ᠬᠠᠷ᠎ᠠ ᠮᠢᠬ᠎ᠠ᠂ ᠬᠡᠭᠡᠷ᠎ᠡ ᠶᠢᠨ | ᠬᠤᠰᠢᠭ᠎ᠠ ᠳᠤ ᠴᠦ ᠴᠠᠶᠢᠷ ᠨᠡᠯᠢᠶᠡᠳ ᠡᠯᠪᠡᠭ ᠪᠠᠶᠢᠳᠠᠭ᠃ | ᠡᠯᠢᠭᠡ+ ᠤᠯᠠᠪᠤᠷ ᠰᠢᠷ᠎ᠠ ᠦᠩᠭᠡᠲᠡᠢ ᠨᠤᠭᠤᠭ᠎ᠠ᠃ ᠠᠮᠢᠲᠠᠨ ᠤ ᠴᠢᠨᠠᠷᠲᠠᠢ ᠢᠳᠡᠭᠡᠨ ᠵᠢᠱᠢᠶᠡᠯᠡᠪᠡᠯ ᠡᠯᠢᠭᠡ᠂ | ᠭᠠᠯᠠᠭᠤᠨ ᠦᠨᠳᠡᠭᠡᠨ ᠰᠢᠷ᠎ᠠ᠂ ᠵᠢᠭᠠᠰᠤᠨ ᠲᠤᠰᠤᠨ ᠳᠤ ᠸᠢᠲ᠋ᠠᠮᠢᠨA ᠮᠠᠰᠢ ᠡᠯᠪᠡᠭ ᠪᠠᠶᠢᠳᠠᠭ᠃ ᠸᠢᠲ᠋ᠠᠮᠢᠨA | ᠨᠢᠳᠤᠨ ᠤ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ ᠲᠡᠷᠡ ᠪᠤᠯ ᠦᠯᠤ | ᠬᠠᠯᠳᠠᠭᠠᠬᠤ ᠴᠢᠳᠠᠪᠤᠷᠢ ᠲᠠᠢ ᠨᠢᠭᠲᠠ ᠬᠠᠷᠢᠴᠠᠭ᠎ᠠ ᠲᠠᠢ ᠶᠤᠮ᠃ ᠰᠢᠷ᠎ᠠ ᠯᠤᠤᠪᠠᠩ᠂ ᠨᠠᠩᠭᠤᠸᠠ᠂ ᠵᠦᠷᠵᠢ ᠵᠡᠷᠭᠡ | ᠤᠯᠠᠪᠤᠷ ᠰᠢᠷ᠎ᠠ ᠦᠩᠭᠡᠲᠡᠢ ᠨᠤᠭᠤᠭ᠎ᠠ ᠵᠢᠮᠢᠰ ᠤᠨ ᠬᠠᠩᠭᠠᠬᠤ B᠂ ᠰᠢᠷ᠎ᠠ ᠯᠤᠤᠪᠠᠩ ᠤᠨ ᠡᠳ᠋ ᠨᠢ ᠪᠡᠶ᠎ᠡ ᠶᠢᠨ | ᠲᠤᠲᠤᠷ᠎ᠠ ᠸᠢᠲ᠋ᠠᠮᠢᠨA ᠪᠤᠯᠵᠦ ᠬᠤᠪᠢᠷᠠᠳᠠᠭ᠃ | ᠭᠦᠨ ᠨᠤᠭᠤᠭᠠᠨ ᠦᠩᠭᠡᠲᠡᠢ ᠨᠤᠭᠤᠭ᠎ᠠ+ ᠲᠤᠯᠤᠭᠤᠨ᠎ᠠ᠃ ᠨᠤᠭᠤᠭᠠᠨ ᠴᠡᠴᠡᠭᠳᠤ ᠪᠠᠶᠢᠼᠠᠢ᠂ ᠦᠷᠭᠡᠰᠤᠳᠤ | ᠨᠤᠭᠤᠭ᠎ᠠ᠂ ᠠᠪᠤᠭ᠎ᠠ᠂ ᠲᠤᠮᠤ ᠴᠠᠭᠠᠨ ᠨᠤᠭᠤᠭ᠎ᠠ᠂ ᠰᠢᠯᠡᠮᠳᠡᠭ ᠵᠡᠷᠭᠡ ᠭᠦᠨ ᠨᠤᠭᠤᠭᠠᠨ ᠦᠩᠭᠡᠲᠡᠢ ᠨᠤᠭᠤᠭ᠎ᠠ ︔ | ᠲᠤᠯᠤᠭᠤᠨ᠎ᠠ᠂ ᠴᠢᠪᠠᠭ᠎ᠠ᠂ ᠲᠤᠰᠢᠯᠤᠢ᠂ ᠭᠠᠲᠢᠷ᠎ᠠ ᠶᠢᠨ ᠵᠢᠮᠢᠰ᠂ ᠬᠦᠵᠡᠯᠵᠡᠭᠡᠨ᠎ᠡ᠂ ᠰᠢᠷᠠᠰᠤ ᠵᠡᠷᠭᠡ ᠵᠢᠮᠢᠰ ᠨᠢ ᠪᠦᠷ | ᠸᠢᠲ᠋ᠠᠮᠢᠨ C ᠶᠢᠨ ᠠᠪᠤᠷᠭᠤ ᠤᠳ ᠶᠤᠮ᠃ ᠸᠢᠲ᠋ᠠᠮᠢᠨ C ᠨᠢ ᠡᠰᠡᠷᠭᠦᠴᠡᠯ ᠴᠤᠭᠴᠠ ᠶᠢᠨ ᠪᠦᠷᠢᠯᠳᠦᠯ ᠢ | ᠠᠬᠢᠭᠤᠯᠳᠠᠭ᠃ | ᠳᠠᠯᠠᠢ ᠶᠢᠨ ᠵᠢᠭᠠᠰᠤ᠃ ᠸᠢᠲ᠋ᠠᠮᠢᠨ D ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠦ᠂ ᠸᠢᠲ᠋ᠠᠮᠢᠨ D | ᠲᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ ᠶᠢ ᠨᠦᠯᠦᠭᠡᠯᠡᠳᠡᠭ᠃ ᠨᠠᠷᠠᠨ ᠳᠤ ᠡᠭᠡᠭᠡᠬᠦ ᠪᠤᠯ ᠸᠢᠲ᠋ᠠᠮᠢᠨ D | ᠰᠢᠩᠭᠡᠭᠡᠨ ᠠᠪᠬᠤ ᠪᠦᠳᠦᠮᠵᠢᠲᠠᠢ ᠠᠷᠭ᠎ᠠ ᠪᠤᠯᠪᠠᠴᠤ᠂ ᠡᠪᠤᠯ ᠤᠨ ᠤᠯᠠᠷᠢᠯ ᠳᠤ ᠬᠠᠮᠤᠭ ᠰᠠᠶᠢᠨ ᠨᠢ ᠸᠢᠲ᠋ᠠᠮᠢᠨ D | ᠡᠯᠪᠡᠭᠲᠡᠢ ᠢᠳᠡᠭᠡᠨ ᠨᠦᠬᠦᠪᠤᠷᠢᠯᠡᠪᠡᠯ ᠵᠤᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠤᠰᠤ᠂ | ᠦᠨᠳᠡᠭᠡᠨ ᠳᠤ ᠸᠢᠲ᠋ᠠᠮᠢᠨ D ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶᠢᠳᠠᠭ᠃ | ᠠᠮᠢᠲᠠᠨ ᠤ ᠴᠢᠰᠤ+ ᠡᠯᠢᠭᠡ᠃ ᠲᠡᠮᠤᠷ ᠲᠤᠳᠠᠪᠠᠯ ᠦᠯᠤ ᠬᠠᠯᠳᠠᠭᠠᠬᠤ ᠡᠰ ᠬᠠᠰᠤᠭᠳᠠᠵᠦ᠂ ᠦᠯᠤ | ᠬᠠᠯᠳᠠᠭᠠᠬᠤ ᠲᠤᠰᠬᠠᠯ ᠲᠤᠲᠠᠭᠤᠳᠠᠳᠠᠭ᠃ ᠬᠠᠷ᠎ᠠ ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠤᠷ | ᠡᠯᠪᠡᠭᠲᠡᠢ ᠪᠦᠭᠡᠳ ᠰᠢᠩᠭᠡᠭᠡᠵᠦ ᠠᠪᠬᠤ ᠳᠤ ᠰᠠᠶᠢᠨ ᠪᠠᠶᠢᠳᠠᠭ᠃ ᠡᠳᠤᠷ ᠪᠦᠷᠢ 40 ~75 ᠭᠷᠠᠮ ᠮᠢᠬ᠎ᠠ ᠢᠳᠡᠵᠦ᠂ | ᠠᠮᠢᠲᠠᠨ ᠤ ᠡᠯᠢᠭᠡ ᠶᠢ ᠰᠠᠷ᠎ᠠ ᠪᠦᠷᠢ 2~3 ᠤᠳᠠᠭ᠎ᠠ᠂ ᠤᠳᠠᠭ᠎ᠠ ᠪᠦᠷᠢ 25 ᠭᠷᠠᠮ ᠤᠷᠴᠢᠮ ᠢᠳᠡᠪᠡᠯ ᠰᠠᠶᠢᠨ | ᠭᠡᠵᠦ ᠰᠠᠨᠠᠭᠤᠯᠵᠦ ᠪᠠᠶᠢᠨ᠎ᠠ᠃ | ᠦᠨᠢᠥᠶᠡᠨ ᠰᠦ+ ᠲᠠᠬᠢᠶᠠᠨ ᠦᠨᠳᠡᠭᠡ᠃ ᠢᠳᠡᠭᠡᠨ ᠤᠮᠳᠠᠭᠠᠨ ᠳᠤ ᠤᠭᠤᠷᠠᠭ ᠲᠤᠲᠠᠭᠳᠠᠪᠠᠯ ᠪᠡᠶ᠎ᠡ ᠶᠢᠨ | ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ | ᠴᠠᠭᠠᠨ ᠢᠳᠡᠭᠡ᠂ ᠲᠠᠬᠢᠶᠠᠨᠦᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ ᠬᠤᠷᠤᠬᠠᠢ᠂ ᠰᠢᠷ᠎ᠠ ᠪᠤᠷᠴᠠᠭ | ᠨᠢ ᠴᠦᠮ ᠴᠢᠨᠠᠷᠯᠢᠭ ᠤᠭᠤᠷᠠᠭ ᠤᠨ ᠰᠠᠶᠢᠨ ᠢᠷᠡᠯᠲᠡ ᠮᠥᠨ᠃ ᠦᠨᠢᠶᠡᠨ ᠰᠦ ᠶᠢ ᠡᠳᠤᠷ ᠪᠦᠷᠢ 300 | ᠮᠢᠯᠯᠢᠯᠢᠲᠷ ᠪᠠᠷᠤᠭ 2 ᠤᠭᠤᠲᠠ ᠤᠤᠭᠤᠵᠦ᠂ ᠲᠠᠬᠢᠶᠠᠨ ᠦᠨᠳᠡᠭᠡ 1᠂ ᠮᠠᠯ ᠵᠢᠭᠦᠷᠲᠡᠨ ᠤ ᠮᠢᠬ᠎ᠠ ᠡᠳᠤᠷ ᠪᠦᠷᠢ | 40 ~75 ᠭᠷᠠᠮ᠂᠂ᠵᠢᠭᠠᠰᠤ ᠰᠠᠮ ᠬᠤᠷᠤᠬᠠᠢ ᠡᠳᠤᠷ ᠪᠦᠷᠢ 40 ~75 ᠭᠷᠠᠮ᠂ ᠰᠢᠷ᠎ᠠ ᠪᠤᠷᠴᠠᠭ ᠨᠢᠭᠡ ᠠᠳᠬᠤ | ︵30 ᠭᠷᠠᠮ ᠤᠷᠴᠢᠮ︶ ᠡᠰᠡᠭᠦᠯ᠎ᠡ ᠵᠤᠬᠢᠬᠤ ᠪᠤᠷᠴᠠᠭ ᠤᠨ ᠪᠦᠳᠦᠭᠡᠭᠳᠡᠭᠦᠨ ᠢᠳᠡᠵᠦ ᠤᠤᠭᠤᠪᠠᠯ ᠵᠦᠭᠡᠷ ᠭᠡᠵᠦ | ᠰᠠᠨᠠᠭᠤᠯᠵᠦ ᠪᠠᠶᠢᠨ᠎ᠠ᠃ | | | http://mongol.people.com.cn/15830920.html |