| | |  ﹈ | | | 3 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠩ ᠾᠦᠸᠧ ᠶᠤᠸᠠᠨ᠂ ᠤᠯᠤᠰ ᠲᠥᠷᠥ | ᠶᠢᠨ ᠭᠡᠰᠢᠭᠦᠨ ᠰᠥᠩ ᠰᠢᠶᠤᠤ ᠭᠤᠸᠠᠩ ᠨᠠᠷ ᠤᠯᠢᠶᠠᠰᠤᠲᠠᠢ ᠰᠢᠶᠠᠩ ᠳᠤ ᠭᠦᠨᠵᠡᠭᠡᠶᠢᠷᠡᠨ᠂ ᠶᠠᠳᠠᠭᠤ ᠬᠦᠴᠢᠷᠳᠡᠯᠲᠡᠶ | ᠡᠷᠦᠬᠡ ᠶᠢ ᠲᠣᠬᠤᠨᠢᠭᠤᠯᠵᠤ᠂ ᠲᠡᠳᠡᠨ ᠳᠤ ᠭᠤᠯᠢᠷ ᠲᠣᠰᠣ ᠵᠡᠷᠭᠡ ᠡᠳᠦᠷ ᠲᠤᠲᠤᠮ ᠤᠨ ᠬᠡᠷᠡᠭᠰᠡᠯ ᠬᠦᠷᠭᠡᠵᠦ᠂ | ᠶᠠᠳᠠᠭᠤ ᠬᠦᠴᠢᠷᠳᠡᠯᠲᠡᠢ ᠡᠷᠦᠬᠡ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠶ ᠭᠥᠷᠳᠡᠭᠰᠡᠨ | ᠪᠠᠶᠢᠨ᠎ᠠ᠃ | ᠨᠢᠭᠡ ᠡᠷᠦᠬᠡ ᠳᠤ ᠬᠥᠷᠬᠦ ᠪᠦᠷᠢ᠂ ᠵᠢᠩ ᠬᠡᠯᠲᠡᠰ ᠤᠨ ᠳᠠᠷᠤᠭ᠎ᠠ ᠴᠥᠮ ᠶᠠᠳᠠᠭᠤ ᠬᠦᠴᠢᠷᠳᠡᠯᠲᠡᠶ ᠡᠷᠦᠬᠡ ᠲᠠᠢ | ᠨᠢᠭᠤᠷᠲᠠᠨ ᠶᠠᠷᠢᠯᠴᠠᠵᠤ᠂ ᠰᠡᠳᠬᠢᠯ ᠤᠨ ᠦᠭᠡ ᠪᠠᠨ ᠰᠣᠯᠢᠯᠴᠠᠨ᠂ ᠲᠡᠳᠡᠨ ᠤ ᠦᠶᠯᠡᠳᠪᠦᠷᠢᠯᠡᠯ᠂ ᠠᠮᠢᠳᠤᠷᠠᠯ ᠪᠠ | ᠬᠡᠷ ᠪᠦᠯᠢ ᠶᠢᠨ ᠣᠷᠣᠯᠭ᠎ᠠ ᠶᠢᠨ ᠰᠠᠶᠢᠵᠢᠷᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠰᠦᠩ ᠤᠯᠤᠰ ᠲᠦᠷᠦ ᠶᠢᠨ | ᠭᠡᠰᠢᠭᠦᠨ ᠲᠡᠳᠡᠨ ᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠰᠠᠶᠢᠨ ᠲᠦᠷᠦ ᠶᠢᠨ ᠪᠣᠳᠣᠯᠭ᠎ᠠ᠂ ᠰᠠᠶᠢᠨ ᠠᠵᠠ | ᠲᠣᠬᠢᠶᠠᠯ ᠳᠤ ᠲᠦᠰᠢᠭᠯᠡᠵᠦ᠂ ᠢᠳᠡᠪᠬᠢᠲᠡᠢ ᠤᠷᠤᠭᠰᠢᠯᠠᠨ ᠲᠠᠪᠰᠢᠵᠤ᠂ ᠠᠵᠤ ᠠᠮᠢᠳᠤᠷᠠᠯ ᠢᠶᠠᠨ ᠴᠤᠭ ᠪᠠᠳᠠᠷᠠᠩᠭᠤᠢ | ᠠᠮᠢᠳᠤᠷᠠᠭᠤᠯᠬᠤ ᠬᠡᠷᠡᠭᠲᠡᠢ ᠭᠡᠵᠦ ᠵᠠᠬᠢᠪᠠ᠃ | ᠳᠠᠷᠠᠭ᠎ᠠ ᠨᠢ᠂ ᠵᠢᠩ ᠬᠡᠯᠲᠡᠰ ᠤᠨ ᠳᠠᠷᠤᠭ᠎ᠠ᠂ ᠰᠦᠩ ᠤᠯᠤᠰ ᠲᠦᠷᠦ ᠶᠢᠨ ᠭᠡᠰᠢᠭᠦᠨ ᠡᠯ᠎ᠡ ᠲᠣᠰᠬᠤᠨ ᠤ | ᠨᠠᠮ ᠤᠨ ᠬᠤᠷᠢᠶ᠎ᠠ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠤᠢᠢᠯᠠᠭᠠᠭᠰᠠᠨ ᠪᠥᠭᠡᠳ ᠬᠠᠮᠢᠶ᠎ᠠ ᠪᠦᠬᠦᠢ ᠳᠠᠩᠰᠠ ᠡᠪᠬᠡᠮᠡᠯ ᠢ ᠪᠠᠶᠢᠴᠠᠭᠠᠨ | ᠦᠵᠡᠪᠡ᠃ | ᠵᠢᠩ ᠾᠦᠸᠧ ᠶᠤᠸᠠᠨ ᠬᠡᠯᠲᠡᠰ ᠤᠨ ᠳᠠᠷᠤᠭ᠎ᠠ ᠵᠢᠭᠠᠵᠤ ᠭᠠᠷᠭᠠᠭᠰᠠᠨ ᠨᠢ᠂ 2020 ᠣᠨ ᠪᠣᠯ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠶᠳᠪᠦᠷᠢᠲᠦ ᠳᠠᠶᠢᠯᠠᠯᠳᠤᠭᠠᠨ ᠳᠤ ᠰᠢᠶᠳᠪᠦᠷᠢᠲᠦ ᠢᠯᠠᠯᠲᠠ | ᠤᠯᠬᠤ ᠵᠢᠯ ᠮᠥᠨ᠂ ᠪᠢᠳᠡ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ᠴᠢᠷᠮᠠᠶᠢᠨ ᠠᠵᠢᠯᠯᠠᠵᠤ᠂ ᠬᠡᠳᠦᠶ | ᠬᠦᠴᠢᠷ ᠪᠡᠷᠬᠡᠰᠢᠶᠡᠯ ᠲᠠᠢ ᠪᠣᠯ ᠲᠡᠳᠦᠶ ᠤᠷᠤᠭᠰᠢᠯᠠᠵᠤ᠂ ᠡᠨᠡ ᠬᠦ ᠬᠠᠲᠠᠭᠤ ᠳᠠᠶᠢᠯᠠᠯᠳᠤᠭᠠᠨ ᠳᠤ ᠡᠷᠡᠰ ᠰᠠᠶᠢᠲᠤᠷ | ᠣᠷᠣᠯᠴᠠᠬᠤ ᠬᠡᠷᠡᠭᠲᠡᠶ ᠭᠡᠵᠡᠢ᠃ | |