ᠴᠢᠩ ᠱᠦᠶ ᠾᠧ ᠰᠢᠶᠠᠨ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠬᠠᠮ ᠠᠷᠭ᠎ᠠ︾ ᠶᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2020-03-03
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠴᠢᠩᠭ᠎ᠠ ᠬᠠᠮᠢᠶᠠᠷᠤᠯᠲᠠ ᠡᠵᠡᠮᠳᠡᠯ ᠳᠣᠤᠷ᠎ᠠ᠂ ᠡᠳᠦᠷ ᠰᠥᠨᠢ ᠥᠬᠡᠶ ᠶᠠᠭᠠᠷᠠᠯᠲᠠᠶ ᠭᠦᠶᠦᠵᠦ ᠪᠠᠶᠢᠭ᠎ᠠ ᠬᠥᠮᠦᠰ ᠭᠡᠨᠡᠳᠲᠡ ︽ᠲᠦᠷ ᠵᠣᠭᠰᠣᠬᠤ ᠳᠠᠷᠤᠭᠤᠯ︾ ᠢ ᠳᠠᠷᠤᠭᠰᠠᠨ ᠰᠢᠭ ᠪᠣᠯᠪᠠᠴᠤ ᠴᠢᠩ ᠱᠦᠶ ᠾᠧ ᠰᠢᠶᠠᠨ ᠤ ᠡᠯ᠎ᠡ ᠮᠠᠯᠴᠢᠨ ᠲᠠᠷᠢᠶᠠᠴᠢᠨ ᠤ ᠬᠤᠷᠰᠢᠶ᠎ᠠ᠂ ᠶᠠᠳᠠᠭᠤ ᠶᠢ ᠲᠡᠳᠬᠦᠬᠦ ᠠᠵᠤ ᠦᠶᠯᠡᠰ ᠤᠨ ᠰᠠᠭᠤᠷᠢᠨ ᠭᠠᠵᠠᠷ ᠮᠥᠨ ᠯᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠡᠮᠬᠢ ᠵᠢᠷᠤᠮ ᠲᠠᠢ ᠠᠵᠢᠯ ᠢᠶᠠᠨ ᠥᠷᠨᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ  ᠳᠤ ᠬᠦᠷᠲᠡᠯ᠎ᠡ ᠪᠠᠭᠤᠷᠠᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠢ ᠡᠰᠡᠷᠭᠦᠴᠡᠬᠦ ᠪᠠ ᠶᠠᠳᠠᠭᠤ ᠠᠴᠠ ᠠᠩᠭᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠡᠶᠡᠯᠡᠭᠦᠯᠪᠡ᠃      ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠠᠵᠢᠯ ᠣᠯᠭᠤᠯᠲᠠ ᠶᠢ ᠰᠢᠩᠭᠡᠭᠡᠨ ᠠᠪᠬᠤ ᠵᠡᠷᠭᠡ ᠶᠠᠳᠠᠭᠤ  ᠶᠢ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢ ᠠᠵᠤ ᠦᠶᠯᠡᠰ ᠤᠨ ᠬᠡᠯᠬᠢᠶ᠎ᠡ ᠳᠤ ᠪᠠᠲᠤ ᠬᠡᠯᠬᠢᠶᠡᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ  ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠡᠨᠡ ᠬᠦ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠨᠢ ᠶᠠᠳᠠᠭᠤ ᠬᠦᠴᠢᠷᠳᠡᠯᠲᠡᠶ ᠡᠷᠦᠬᠡ ᠳᠤ ᠨᠠᠩ ᠡᠷᠡᠰ ᠪᠠᠲᠤ ᠬᠢᠵᠢᠭ ᠤᠨ ᠪᠠᠶᠢᠳᠠᠯ ᠢ ᠡᠰᠡᠷᠭᠦᠴᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠢᠲᠡᠭᠡᠯ ᠵᠣᠷᠢᠭ ᠢ ᠣᠯᠭᠤᠭᠰᠠᠨ ᠪᠠᠶᠢᠨ᠎ᠠ︔ ᠶᠠᠳᠠᠭᠤ  ᠶᠢ ᠲᠡᠳᠬᠦᠬᠦ ᠠᠵᠤ ᠦᠶᠯᠡᠰ ᠨᠢ ᠶᠠᠳᠠᠭᠤ ᠬᠦᠴᠢᠷᠳᠡᠯᠲᠡᠶ ᠡᠷᠦᠬᠡ ᠳᠤ ᠡᠯᠪᠡᠭ ᠪᠠᠶᠠᠯᠢᠭ ᠦᠷ᠎ᠡ ᠪᠦᠲᠦᠭᠡᠯ᠂ ᠬᠡᠷᠡᠯ ᠰᠠᠴᠤᠷᠠᠩᠭᠤᠶ ᠢᠨᠢᠶᠡᠮᠰᠦᠭᠯᠡᠯ ᠠᠪᠴᠢᠷᠠᠬᠤ ᠨᠢ ᠯᠠᠪᠲᠠᠶ ᠶᠤᠮ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1