ᠬᠤᠩ ᠾᠧ ᠪᠠᠯᠭᠠᠰᠤ ︽ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-30
     3 ᠳ᠋ᠤᠭᠠᠷ ᠰᠠᠷ᠎ᠠ ᠶᠢᠨ 27 ᠤ ᠡᠳᠦᠷ᠂ ᠬᠤᠩ ᠾᠧ ᠪᠠᠯᠭᠠᠰᠤ ︽ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠦᠨ ᠯᠦ ᠡᠷᠭᠢᠯᠡᠪᠡ᠃      ᠬᠤᠷᠠᠯ ᠳᠡᠭᠡᠷ᠎ᠡ᠂ ᠴᠢᠶᠣᠤ ᠨᠠᠨ ᠨᠥᠬᠦᠷ ︽ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠤᠷᠠᠯ ᠳᠤ ᠣᠷᠣᠯᠴᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠶᠢ ᠳᠠᠭᠠᠭᠤᠯᠤᠨ ᠰᠤᠷᠤᠯᠴᠠᠵᠥ᠂ ᠤᠳᠤᠷᠢᠳᠬᠤ ᠪᠠᠭ ᠤᠨ ᠪᠦᠷᠢᠯᠳᠦᠬᠦᠨ ︽ᠬᠡᠷᠬᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠡᠷᠬᠢᠨ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠷᠠᠭᠤᠯᠬᠤ᠂ ᠬᠡᠷᠬᠢᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠄ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠬᠠᠮᠤᠭ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠯ᠎ᠡ ᠪᠠᠭ ᠤᠨ ᠪᠦᠷᠢᠯᠳᠦᠬᠦᠨ ᠡᠷᠬᠡᠪᠰᠢ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠤ ᠦᠷ᠎ᠡ ᠪᠦᠲᠦᠮᠵᠢ ᠪᠠᠨ ᠣᠨᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠥᠬᠡᠶ ᠪᠠᠶᠢᠬᠤ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠭᠦᠯᠵᠦ᠂ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠣᠯᠤᠨ ︽ᠲᠡᠮᠦᠷ ᠪᠠᠷᠢᠪᠠᠯ ᠣᠷᠣ ᠮᠥᠷ ᠲᠠᠢ᠂ ᠴᠢᠯᠠᠭᠤᠨ ᠳᠡᠭᠡᠷ᠎ᠡ ᠭᠢᠰᠬᠢᠪᠡᠯ ᠣᠷᠣ ᠮᠥᠷ ᠦᠯᠡᠳᠡᠭᠡᠬᠦ︾ ᠰᠥᠰᠥ ᠵᠣᠷᠢᠭ ᠲᠠᠢ ᠪᠠᠶᠢᠵᠤ᠂ ᠰᠡᠳᠬᠢᠯ ᠰᠢᠭᠤᠳᠤᠨ᠂ ᠪᠡᠶ᠎ᠡ ᠪᠠᠨ ᠳᠣᠷᠣᠭᠰᠢ ᠲᠠᠯᠪᠢᠵᠤ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ ᠰᠠᠨᠠᠭᠠᠰᠢᠷᠠᠨ ᠵᠣᠪᠠᠨᠢᠬᠤ ᠤᠬᠠᠮᠰᠠᠷ ᠲᠠᠢ ᠪᠠᠶᠢᠵᠤ᠂ ᠬᠢᠵᠠᠭᠠᠷ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠡᠳᠦᠷ ᠲᠤᠳᠤᠮ ᠤᠨ ᠠᠵᠢᠯ ᠤᠨ ᠳᠤᠮᠳᠠ ᠠᠴᠠ ᠲᠠᠯᠳᠠ ᠠᠶᠤᠯ ᠲᠦᠭᠰᠢᠭᠦᠷᠢ ᠶᠢ ᠣᠯᠵᠤ ᠮᠡᠳᠡᠨ᠂ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠬᠤ ᠶᠢᠨ ᠬᠠᠮᠲᠤ ᠪᠦᠬᠦ ᠲᠠᠯ᠎ᠠ ᠶᠢᠨ ᠴᠢᠨᠠᠷᠲᠠᠶ ᠬᠦᠨᠳᠦ ᠶᠡᠭᠡ ᠠᠶᠤᠯ ᠲᠦᠭᠰᠢᠭᠦᠷᠢ ᠶᠢ ᠨᠢᠭᠲᠠ ᠠᠩᠬᠠᠷᠴᠤ᠂ ᠴᠠᠭ ᠲᠤᠬᠠᠶ ᠳᠤᠨᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ︔ ᠭᠤᠷᠪᠠ ᠳᠤ ᠲᠤᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠ ᠡᠵᠡᠮᠳᠡᠬᠦ ᠴᠢᠳᠠᠪᠤᠷᠢ ᠪᠠᠨ ᠴᠢᠩᠭᠠᠳᠬᠠᠵᠤ᠂ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠤᠰᠬᠠᠶ ᠮᠡᠷᠭᠡᠵᠢᠯ ᠤᠨ ᠮᠡᠳᠡᠯᠭᠡ ᠶᠢ ᠰᠤᠷᠤᠯᠴᠠᠨ ᠡᠵᠡᠮᠰᠢᠵᠦ᠂ ᠲᠤᠰ ᠪᠡᠶ᠎ᠡ ᠶᠢᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1