ᠴᠢᠩ ᠱᠦᠶ ᠾᠧ ᠰᠢᠶᠠᠨ᠄ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2020-04-01
      ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠡᠴᠦᠰ ᠤᠨ ᠵᠢᠯ ᠪᠣᠯᠤᠨ᠎ᠠ᠃ ᠴᠢᠩ ᠱᠦᠶ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠳᠤᠮᠳᠠ ᠪᠦᠯᠬᠦᠮᠳᠡᠨ ᠬᠠᠮᠵᠢᠯᠴᠠᠬᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃      ᠺᠠᠳ᠋ᠷ ᠤᠯᠠᠨ ᠲᠦᠮᠡᠨ ᠭᠠᠷ ᠬᠤᠯᠪᠣᠯᠴᠠᠨ ᠴᠢᠨᠡᠭᠡᠯᠢᠭᠵᠢᠬᠦ ᠵᠠᠮ ᠢᠶᠠᠷ ᠵᠠᠮᠨᠠᠨ᠎ᠠ᠃ ᠰᠢᠶᠠᠨ ᠤ ᠭᠠᠵᠠᠷ ᠤᠨ ᠲᠡᠰ  ᠤᠨ ᠰᠢᠶᠠᠩ ᠳᠠᠭᠠᠭᠠᠴᠢᠯᠠᠬᠤ ᠤᠳᠤᠷᠢᠳᠤᠯᠭ᠎ᠠ ᠬᠢᠵᠢᠭ ᠤᠨ ᠪᠠᠶᠢᠳᠠᠯ ᠤᠨ ᠶᠠᠳᠠᠭᠤ ᠬᠦᠴᠢᠷᠳᠡᠯᠲᠡᠢ ᠡᠷᠦᠬᠡ ᠳᠤ ᠦᠵᠡᠭᠦᠯᠬᠦ ᠨᠥᠯᠥᠭᠡ ᠶᠢ ᠴᠠᠭ ᠲᠤᠬᠠᠶ ᠳᠤᠨᠢ ᠲᠤᠬᠢᠷᠠᠭᠤᠯᠤᠨ᠂ ᠬᠥᠳᠡᠯᠦᠩᠭᠦᠶ ᠪᠠᠷ ᠡᠵᠡᠮᠰᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠶᠯᠡᠳᠪᠦᠷᠢᠯᠡᠯ ᠤᠨ ᠬᠥᠭᠵᠢᠯᠲᠡ ᠪᠠ ᠶᠠᠳᠠᠭᠤ ᠶᠢ ᠲᠡᠳᠬᠦᠬᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠦᠵᠡᠭᠦᠯᠬᠦ ᠬᠢᠵᠢᠭ ᠤᠨ ᠨᠥᠯᠥᠭᠡ  ᠶᠢ ᠢᠯᠠᠨ ᠳᠠᠪᠠᠪᠠ᠃ ᠡᠯ᠎ᠡ ᠱᠠᠲᠤᠨ ᠤ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠤᠯᠠᠨ ᠲᠦᠮᠡᠨ ᠤ ᠰᠡᠷᠭᠡᠶᠢᠯᠡᠨ ᠡᠵᠡᠮᠳᠡᠬᠦ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳ᠋ᠦᠩᠨᠡᠵᠦ᠂ ᠤᠯᠠᠨ ᠲᠦᠮᠡᠨ ᠢ ᠭᠦᠶᠴᠡᠳ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠯᠴᠠᠭᠤᠯᠪᠠ᠃ ᠡᠯ᠎ᠡ ᠰᠢᠶᠠᠩ ᠪᠠᠯᠭᠠᠰᠤ ᠨᠢ ᠰᠢᠶᠠᠨ ᠤ ᠨᠠᠮ ᠤᠨ ᠬᠤᠷᠢᠶ᠎ᠠ ᠶᠢᠨ ᠲᠠᠭᠠᠭᠤᠯᠭ᠎ᠠ ᠳᠣᠤᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠳᠠᠭᠤᠷᠢᠶᠠᠯ ᠰᠢᠶᠠᠩ ᠪᠠᠯᠭᠠᠰᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠪᠣᠳᠠᠲᠠᠶ ᠱᠠᠭᠠᠷᠳᠠᠯᠭ᠎ᠠ ᠪᠠ ᠠᠵᠢᠯ  ᠤᠨ ᠡᠭᠦᠷᠭᠡ ᠶᠢ ᠲᠣᠭᠲᠠᠭᠠᠨ ᠨᠠᠷᠢᠯᠢᠬᠵᠢᠭᠤᠯᠪᠠ᠃      ᠪᠠᠶᠠᠵᠢᠬᠤ ᠳᠤ ᠠᠷᠭ᠎ᠠ ᠵᠠᠮ ᠲᠠᠢ᠂ ᠡᠯ᠎ᠡ ᠰᠠᠯᠠᠭ᠎ᠠ ᠮᠥᠴᠢᠷ ᠠᠴᠠ ᠳᠡᠮᠵᠢᠯᠭᠡ ᠦᠵᠡᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠶᠠᠩ ᠪᠠᠯᠭᠠᠰᠤ᠂ ᠲᠣᠰᠬᠤᠨ ᠯᠤᠭ᠎ᠠ ᠬᠠᠮᠲᠤᠪᠡᠷ ᠮᠥᠷᠥ ᠵᠡᠷᠭᠡᠴᠡᠨ ᠪᠠᠶᠢᠯᠳᠤᠵᠤ᠂ ᠬᠠᠮᠲᠤᠪᠠᠷ ᠢᠯᠡᠷᠡᠭᠦᠯᠦᠨ ᠰᠤᠳᠤᠯᠵᠤ᠂ ᠠᠰᠠᠭᠤᠳᠠᠯ ᠢ ᠰᠢᠶᠳᠪᠦᠷᠢᠯᠡᠵᠦ᠂ ᠡᠯ᠎ᠡ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠶᠠᠳᠠᠭᠤ ᠶᠢ ᠲᠡᠳᠬᠦᠬᠦ ᠠᠵᠤ ᠦᠢᠯᠡᠰ ᠤᠨ ᠰᠠᠭᠤᠷᠢᠨ ᠭᠠᠵᠠᠷ ᠢ ᠵᠢᠯᠣᠭᠤᠳᠤᠨ ᠦᠷᠭᠦᠯᠵᠢᠯᠡᠨ ᠠᠵᠢᠯ ᠥᠷᠨᠢᠭᠦᠯᠬᠦ ᠶᠢ ᠵᠢᠯᠣᠭᠤᠳᠴᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢ ᠦᠨᠡᠨᠬᠦ ᠪᠠᠲᠤᠯᠠᠵᠤ᠂ ᠬᠢᠵᠢᠭ ᠢ ᠡᠰᠡᠷᠭᠦᠴᠡᠬᠦ ᠪᠠ ᠶᠠᠳᠠᠭᠤ ᠠᠴᠠ ᠠᠩᠭᠢᠵᠢᠷᠠᠭᠤᠯᠬᠤ ᠶᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠰᠠᠭᠠᠲᠠᠯ ᠦᠭᠡᠢ ᠠᠳᠬᠤᠬᠤ ᠶᠢ ᠪᠡᠶᠡᠯᠡᠭᠦᠯᠪᠡ᠃ ᠵᠢᠱᠢᠶᠡᠯᠡᠪᠡᠯ ᠪᠸᠢ ᠪᠦ᠋ᠦ ᠰᠢᠶᠠᠩ ᠤᠨ ᠴᠠᠩ ᠭᠧᠤ ᠮᠧᠨ ᠲᠣᠰᠬᠤᠨ ᠰᠡᠷᠭᠡᠶᠢᠯᠡᠯᠲᠡ ᠶᠢᠨ ᠬᠤᠷᠢᠭ᠎ᠠ ᠶᠢ ᠬᠦᠴᠦᠨ ᠦᠭᠡᠢ ᠪᠣᠯᠭᠠᠬᠤ ᠳᠤ ᠰᠡᠷᠭᠡᠶᠢᠯᠡᠯᠲᠡ ᠶᠢ ᠬᠦᠴᠦᠨ ᠦᠭᠡᠢ ᠪᠣᠯᠭᠠᠭᠰᠠᠨ ᠦᠭᠡᠢ᠂ ᠬᠢᠵᠢᠭ ᠢ ᠰᠡᠷᠭᠡᠶᠢᠯᠡᠵᠦ ᠶᠠᠳᠠᠭᠤ ᠶᠢ ᠲᠡᠳᠬᠦᠬᠦ ᠠᠵᠢᠯ ᠢ ᠴᠥᠮ ᠰᠠᠭᠠᠲᠠᠭ᠋ᠭᠰᠠᠨ ᠦᠭᠡᠢ᠃ ᠴᠠᠩ ᠭᠸᠦ ᠮᠧᠨ ᠲᠣᠰᠬᠤᠨ ᠬᠢᠭᠡᠳ ᠳᠠᠭᠠᠭᠠᠴᠢᠯᠠᠨ ᠬᠤᠯᠪᠣᠭᠠᠯᠠᠬᠤ ᠨᠢᠭᠡᠴᠡ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠬᠡᠯᠲᠡᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠶ ᠲᠤᠰᠬᠠᠶ ᠰᠡᠳᠦᠪᠲᠦ ᠰᠤᠳᠤᠯᠤᠨ ᠪᠠᠶᠢᠷᠢᠯᠠᠭᠤᠯᠤᠯᠲᠠ ᠬᠢᠵᠦ᠂ ᠡᠯ᠎ᠡ ᠲᠣᠰᠬᠤᠨ ᠤ ᠡᠭᠦᠷᠭᠡ ᠶᠢ ᠵᠦᠶ ᠵᠣᠬᠢᠰᠲᠠᠶ ᠲᠣᠬᠢᠷᠠᠭᠤᠯᠪᠠ᠃      ᠥᠪᠡᠷ ᠤᠨ ᠬᠦᠴᠦ ᠪᠠᠷ ᠢᠶᠠᠨ ᠪᠠᠶᠠᠵᠢᠵᠤ᠂ ᠰᠢᠨᠵᠢᠯᠡᠬᠦ ᠤᠬᠠᠭᠠᠨᠴᠢ ᠪᠠᠷ ᠤᠷᠠᠨ ᠢᠶᠠᠷ ᠶᠠᠳᠠᠭᠤ ᠠᠴᠠ ᠠᠩᠭᠢᠵᠢᠷᠠᠭᠤᠯᠤᠨ᠎ᠠ᠃ ᠪᠥᠬᠦ ᠰᠢᠶᠠᠨ ᠢᠶᠠᠷ ᠢᠶᠠᠨ ᠲᠠᠨᠢᠯᠲᠠ ᠪᠠᠨ ᠳᠡᠭᠡᠭᠰᠢᠯᠡᠭᠦᠯᠵᠦ᠂ ᠬᠠᠷᠠᠯᠲᠠ ᠪᠠᠨ ᠨᠢᠭᠡᠳᠦᠯᠲᠡᠶ ᠪᠠᠶᠢᠯᠭᠠᠵᠤ᠂ ᠪᠥᠬᠦ ᠲᠠᠯ᠎ᠠ ᠪᠠᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠪᠠᠨ ᠪᠥᠬᠦᠶᠢᠵᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃ ᠪᠤᠢ ᠪᠦᠬᠦᠢ ᠰᠢᠶᠠᠩ᠂ ᠲᠣᠰᠬᠤᠨ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠵᠤ ᠪᠠᠶᠢᠨ᠎ᠠ᠂ ᠭᠡᠪᠡᠴᠦ ᠰᠢᠶᠠᠩ ᠪᠠᠯᠭᠠᠰᠤ ᠨᠢᠭᠡᠪᠦᠷᠢ ᠶᠢᠨ ᠡᠭᠦᠳᠦᠨ ᠪᠠᠶᠢᠭᠤᠯᠬᠤ ᠭᠤᠣᠯᠳᠠᠯᠭ᠎ᠠ ᠨᠢ ᠲᠤᠰ ᠲᠤᠰ ᠤᠨ ᠣᠨᠴᠠᠯᠢᠭ ᠲᠠᠢ ᠪᠠᠶᠢᠳᠠᠭ᠃ ᠬᠤᠩ ᠾᠧ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠶᠢᠨ ᠭᠤᠣᠯᠳᠠᠯᠭ᠎ᠠ ᠨᠢ ︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠵᠦ᠂ ᠤᠨᠴᠠᠯᠢᠬᠲᠤ ᠠᠵᠤ ᠦᠢᠯᠡᠰ ᠢ ᠪᠣᠶᠢᠵᠢᠭᠤᠯᠤᠨ᠂ ᠡᠳ᠋ ᠬᠦᠷᠦᠩᠭᠡ ᠶᠢᠨ ᠬᠠᠮᠢᠶᠠᠷᠤᠯᠲᠠ ᠶᠢ ᠠᠬᠢᠭᠤᠯᠵᠤ᠂ ᠬᠥᠮᠦᠰ  ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ︾ ᠳᠡᠭᠡᠷ᠎ᠡ ᠪᠠᠶᠢᠵᠤ ᠂ ᠣᠨᠴᠠᠯᠢᠭ ᠲᠠᠢ ᠲᠠᠷᠢᠮᠠᠯ ᠢ ᠶᠡᠭᠡ ᠬᠡᠪᠴᠢᠶ᠎ᠡ ᠪᠠᠷ ᠲᠠᠷᠢᠵᠤ᠂ ᠲᠡᠵᠢᠭᠡᠨ ᠦᠷᠡᠵᠢᠭᠦᠯᠬᠦ ᠶᠠᠳᠠᠭᠤ ᠶᠢ ᠲᠡᠳᠬᠦᠬᠦ ᠠᠵᠤ ᠦᠢᠯᠡᠰ ᠢ ᠬᠥᠭᠵᠢᠭᠦᠯᠬᠦ ᠪᠣᠯᠣᠨ᠎ᠠ᠃ ᠯᠠᠮᠠ ᠶᠢᠨ ᠲᠣᠬᠤᠢ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠠᠵᠢᠯ ᠤᠨ ᠭᠤᠣᠯᠳᠠᠯᠭ᠎ᠠ ᠨᠢ ︽ᠲᠡᠷᠢᠭᠦᠨ ᠤ ᠲᠤᠷᠰᠢᠯᠭ᠎ᠠ ᠪᠠᠷ ᠲᠤᠯᠢ ᠪᠣᠯᠭᠠᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠤᠳᠠᠯ ᠢ ᠨᠢ ᠨᠥᠬᠦᠪᠥᠷᠢᠯᠡᠵᠦ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠬᠦ︾ ᠳᠡᠭᠡᠷ᠎ᠡ ᠪᠠᠶᠢᠵᠤ᠂ ᠦᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠠᠵᠢᠯ ᠢ ᠨᠡᠩ ᠪᠣᠳᠠᠲᠠᠢ᠂ ᠨᠡᠩ ᠨᠠᠷᠢᠯᠢᠭ ᠬᠢᠪᠡ᠃      ᠴᠢᠩ ᠱᠦᠢ ᠾᠧ ᠰᠢᠶᠠᠨ ᠶᠠᠭ ︽ᠬᠥᠬᠡᠮᠳᠦᠭ ᠠᠭᠤᠯᠠ ᠶᠢ ᠰᠤᠯᠠᠷᠠᠭᠤᠯᠤᠯ ᠦᠭᠡᠢ ᠪᠠᠲᠤ ᠵᠠᠭᠤᠬᠤ︾ ᠡᠷᠴᠢ ᠵᠣᠷᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ  ᠪᠠᠷ ᠠᠷᠢᠯᠭᠠᠬᠤ ᠪᠠ ᠪᠠᠭᠤᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ  ᠶᠢ ᠡᠷᠡᠰ ᠪᠡᠶᠡᠯᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1