ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 124 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/4/10
     4 ᠳ᠋ᠦ᠋ᠭᠡᠷ ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 124 ᠳ᠋ᠦ᠋ᠭᠡᠷ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ 10 ᠬᠥᠮᠦᠨ ᠪᠠᠶᠢᠪᠠᠯ ᠵᠣᠬᠢᠨ᠎ᠠ᠂ ᠴᠤᠬᠤᠮ 9 ᠬᠥᠮᠦᠨ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠣᠨᠴᠠᠭᠠᠢ ᠲᠦᠷᠦᠭᠦᠴᠦᠳ ᠤᠨ ᠬᠤᠷᠠᠯ᠂ ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠳᠤ ᠲᠠᠯᠪᠢᠭᠰᠠᠨ ᠴᠢᠬᠤᠯᠠ ᠶᠠᠷᠢᠶ᠎ᠠ᠂ ᠰᠧᠴᠤᠸᠠᠨ ᠤ ᠰᠢᠴᠠᠩ ᠬᠤᠲᠠ ᠶᠢᠨ ᠵᠢᠤ ᠰᠢᠶᠠᠩ ᠤᠨ ᠣᠶ ᠰᠢᠭᠤᠶ ᠶᠢᠨ ᠭᠠᠯ  ᠤᠨ ᠭᠠᠮᠰᠢᠭ ᠲᠤ ᠬᠢᠭᠰᠡᠨ ᠴᠢᠬᠤᠯᠠ ᠵᠢᠭᠠᠪᠤᠷᠢ ᠪᠠ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠ ᠶᠢᠰᠦᠳᠦᠭᠡᠷ ᠤᠳᠠᠭ᠎ᠠ᠂ ᠬᠤᠷᠢᠳᠤᠭᠠᠷ ᠤᠳᠠᠭ᠎ᠠ᠂ ᠬᠤᠷᠢᠨ ᠨᠢᠭᠡᠳᠦᠭᠡᠷ ᠤᠳᠠᠭ᠎ᠠ᠂ ᠬᠤᠷᠢᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 204 ᠳ᠋ᠦ᠋ᠭᠡᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭ᠎ᠠ  ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠲᠦᠩᠯᠢᠶᠣᠤ ᠬᠤᠲᠠ ᠳᠤ ᠬᠦᠷᠴᠦ ᠰᠤᠷᠤᠯᠴᠠᠵᠤ ᠰᠢᠨᠵᠢᠯᠡᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠳᠤᠷᠠᠳᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠪᠥᠬᠦ ᠨᠠᠮ ᠤᠨ ︿ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ᠶᠢᠨ ᠵᠣᠷᠢᠭ ᠰᠠᠨᠠᠭ᠎ᠠ ᠪᠣᠯᠤᠨ ᠱᠢ ᠲᠠᠢ ᠹᠧᠩ ᠱᠦᠵᠢ ᠶᠢᠨ 2019 ᠣᠨ ᠤ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ︵ᠠᠵᠤ ᠦᠶᠯᠡᠳᠪᠦᠷᠢ︶ ᠤᠨ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠲᠤᠰᠢᠶᠠᠯ ᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ︽ᠬᠤᠰᠢᠭᠤ ᠰᠢᠶᠠᠨ ᠲᠣᠭᠤᠷᠢᠭ᠂ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ︵ᠠᠵᠤ ᠦᠶᠯᠡᠳᠪᠦᠷᠢ︶ ᠤᠨ ᠬᠤᠷᠢᠶ᠎ᠠ ᠶᠢᠨ 2019 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠨᠡᠯᠡᠨ ᠶᠠᠷᠢᠯᠴᠠᠭᠰᠠᠨ ᠦᠷ᠎ᠡ ᠳ᠋ᠦᠩ ᠤᠨ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠳᠤᠷᠢᠳᠬᠤ ᠳᠤᠭᠤᠶᠢᠯᠠᠩ ᠤᠨ ︽ᠬᠥᠬᠡᠬᠤᠲᠠ  ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︿ᠴᠡᠭ ᠬᠤᠯᠪᠣᠭᠠᠯᠠᠨ ᠬᠡᠰᠡᠭ ᠳᠠᠭᠠᠭᠠᠴᠢᠯᠠᠬᠤ﹀ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾᠂ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠬᠡᠷ ᠤᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠂ ︽ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠡᠷᠡᠭ ᠤᠨ ᠡᠳ᠋ ᠬᠥᠷᠥᠩᠭᠡ ᠶᠢ ᠰᠢᠶᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ︿ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠡᠳ᠋ ᠬᠥᠷᠥᠩᠭᠡ ᠶᠢ ᠰᠢᠶᠳᠪᠦᠷᠢᠯᠡᠨ ᠭᠦᠶᠴᠡᠳᠬᠡᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ᠢ ᠤᠯᠠᠮᠵᠢᠯᠠᠪᠠ᠃      ᠬᠤᠷᠠᠯ ᠠᠴᠠ ︽ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠤᠯᠳᠠᠯᠭ᠎ᠠ︾᠂ ︽ᠴᠢᠩ ᠱᠦᠶ ᠾᠧ ᠰᠢᠶᠠᠨ ᠤ 2019 ᠣᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠥᠰᠦᠯ︾᠂ ︽2020 ᠣᠨ ᠤ ᠴᠢᠩ ᠱᠦᠶ ᠾᠧ ᠰᠢᠶᠠᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠠᠷᠢᠭᠤᠴᠠᠯᠭ᠎ᠠ ᠶᠢ ᠵᠠᠳᠠᠯᠬᠤ ᠰᠠᠨᠠᠯ︾᠂ ︽ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠠᠷᠪᠠᠨ ᠬᠤᠶᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠲᠦᠷᠦᠭᠦᠦ ᠲᠤᠯᠤᠭᠠᠨ ᠡᠭᠡᠯᠵᠢ ᠶᠢᠨ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠵᠠᠷᠴᠢᠮ ᠳᠡᠭᠡᠷ᠎ᠡ ᠪᠠᠨ ︽ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠤᠯᠳᠠᠯᠭ᠎ᠠ︾᠂ ︽ᠴᠢᠩ ᠱᠦᠶ ᠾᠧ ᠰᠢᠶᠠᠨ ᠤ 2019 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠦᠨᠡᠯᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠥᠰᠦᠯ︾ ᠢ ᠪᠠᠲᠤᠯᠠᠪᠠ᠃      ᠬᠤᠷᠠᠯ ᠠᠴᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠦᠪᠡᠭᠴᠢ ᠶᠢ ᠠᠷᠢᠯᠭᠠᠭᠰᠠᠨ ᠪᠠᠶᠢᠳᠠᠯ᠂ ᠮᠠᠨ ᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯᠡᠰ ᠤᠳ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1