ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠵᠣᠣ ᠯᠢ ᠮᠢᠨ ᠴᠢᠩ ᠱᠦᠶ ᠾᠧ ᠰᠢᠶᠠᠨ ᠳᠤ ᠭᠦᠨᠵᠡᠭᠡᠶᠢᠷᠡᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ  ᠶᠢᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-14
     4 ᠳ᠋ᠦ᠋ᠭᠡᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠵᠣᠣ ᠯᠢ ᠮᠢᠨ ᠴᠢᠩ ᠱᠦᠶ ᠾᠧ ᠰᠢᠶᠠᠨ ᠳᠤ ᠭᠦᠨᠵᠡᠭᠡᠶᠢᠷᠡᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠨᠡᠷ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠶᠣᠣ ᠭᠠᠩ ᠬᠤᠷᠠᠯ ᠳᠤ ᠣᠷᠣᠯᠴᠠᠪᠠ᠃      ᠬᠤᠷᠠᠯ ᠠᠴᠠ ᠴᠧᠩ ᠭᠤᠸᠠᠨ ᠪᠠᠯᠭᠠᠰᠤ᠂ ᠯᠠᠮᠠ ᠶᠢᠨ ᠲᠣᠬᠤᠶ ᠪᠠᠯᠭᠠᠰᠤ᠂ ᠬᠤᠩ ᠾᠧ ᠪᠠᠯᠭᠠᠰᠤ ᠵᠡᠷᠭᠡ 8 ᠰᠢᠶᠠᠩ ᠪᠠᠯᠭᠠᠰᠤ ᠶᠢᠨ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠬᠠᠶ ᠲᠤᠰᠬᠠᠶ ᠴᠡᠭᠴᠡᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ︽ᠭᠤᠷᠪᠠᠨ ᠶᠠᠪᠤᠳᠠᠯ︾  ᠢ ᠢᠯᠡ ᠪᠣᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠴᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠴᠠᠭᠤᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠵᠡᠷᠭᠡ ᠣᠨ  ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠡᠭᠦᠷᠭᠡ ᠶᠢᠨ ᠨᠠᠷᠢᠨ ᠲᠠᠩᠰᠠ ᠶᠢ ᠡᠮᠬᠢᠯᠡᠵᠦ᠂ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1