ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/4/14
     4 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠨᠠᠷ ᠮᠠᠨ ᠤ ᠰᠢᠶᠠᠨ ᠳᠤ ᠬᠦᠷᠴᠦ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠶᠠᠩ ᠳ᠋ᠧ ᠮᠢᠩ᠂ ᠵᠠᠩ ᡁᠢ ᠰᠢᠩ᠂ ᠱᠢ ᠶᠦᠩ ᠫᠢᠩ᠂ ᠳ᠋ᠦᠸᠧ ᠬᠤᠸᠠ ᠰᠢᠶᠦ᠋ᠩ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠬᠠᠮᠢᠶᠠᠷᠤᠯᠲᠠ ᠶᠢᠨ ᠪᠠᠶᠢᠭᠤᠯᠤᠯ ᠵᠡᠷᠭᠡ ᠲᠠᠯ᠎ᠠ ᠪᠠᠷ ᠲᠣᠰ ᠲᠣᠰ ᠮᠠᠨ ᠤ ᠰᠢᠶᠠᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠵᠠᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠤ ᠰᠢᠶᠠᠨ ᠤ ᠬᠡᠪᠴᠢᠶᠡᠨ ᠤ ᠬᠤᠷᠢᠶᠠᠯᠠᠯ᠂ ᠨᠡᠶᠢᠭᠡᠮ ᠲᠣᠭᠤᠷᠢᠭ ᠤᠨ ᠶᠡᠷᠦᠩᠬᠡᠶ ᠪᠠᠶᠢᠳᠠᠯ ᠤᠨ ᠲᠤᠬᠠᠶ ᠲᠠᠨᠢᠯᠴᠠᠭᠤᠯᠭ᠎ᠠ ᠪᠣᠯᠤᠨ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠨᠡᠶᠢᠭᠡᠮ ᠲᠣᠭᠤᠷᠢᠭ  ᠤᠨ ᠡᠳᠦᠷ ᠲᠤᠲᠤᠮ ᠤᠨ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃ ᠲᠡᠷᠡᠴᠢᠯᠡᠨ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠬᠡᠷᠬᠢᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠢᠳᠡᠪᠬᠢᠵᠢᠯ ᠢ ᠳᠠᠶᠢᠴᠢᠯᠠᠨ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠲᠤᠬᠠᠶ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠴᠠᠶ᠃      ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠴᠧᠩ ᠭᠤᠸᠠᠨ ᠪᠠᠯᠭᠠᠰᠤᠨ  ᠤ ᠪᠠ ᠯᠦᠩ ᠸᠠᠨ ᠲᠣᠰᠬᠤᠨ ᠵᠢᠴᠢ ᠺᠦᠨᠰᠢᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ ᠠᠷᠪᠠᠨ ᠣᠳᠣᠨ ᠲᠠᠰ ᠤᠨ ᠪᠣᠯᠪᠠᠰᠤᠨ ᠡᠷᠦᠬᠡ ᠶᠢᠨ ᠠᠳᠠᠯᠢᠳᠬᠠᠨ ᠰᠢᠯᠭᠠᠷᠠᠭᠤᠯᠤᠯᠲᠠ᠂ ᠬᠥᠳᠡᠭᠡ ᠲᠣᠰᠬᠤᠨ ᠤ ᠰᠣᠶᠣᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠵᠢᠴᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠠᠵᠢᠯ ᠢ ᠨᠠᠷᠢᠨ ᠪᠠᠶᠢᠴᠠᠭᠠᠨ ᠦᠵᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠢᠳᠡᠪᠬᠢᠵᠢᠯ ᠢ ᠬᠥᠭᠵᠢᠭᠡᠵᠦ᠂ ᠬᠥᠮᠦᠨ ᠪᠦᠬᠦᠨ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠣᠯᠠᠨ ᠵᠦᠶᠯ ᠤᠨ ᠠᠷᠭ᠎ᠠ ᠬᠡᠯᠪᠡᠷᠢ ᠪᠠᠷ ᠡᠭᠦᠳᠦᠨ ᠪᠠᠶᠢᠭᠤᠯᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ  ᠶᠢ ᠭᠦᠶᠴᠡᠳᠬᠡᠬᠦ ᠶᠢ ᠠᠬᠢᠭᠤᠯᠬᠤ ᠬᠡᠷᠡᠭᠲᠡᠶ᠃ ᠡᠯ᠎ᠡ ᠵᠦᠶᠯ ᠤᠨ ᠪᠠᠷᠢᠮᠵᠢᠶ᠎ᠠ ᠲᠠᠢ ᠬᠠᠷᠢᠴᠠᠭᠤᠯᠤᠨ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢ ᠴᠠᠭ ᠲᠤᠬᠠᠶ ᠳᠤᠨᠢ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠵᠤ᠂ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠢ ᠭᠡᠵᠡᠢ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1