ᠠᠯᠪᠠᠨ ᠲᠤᠰᠢᠶᠠᠯᠲᠠᠨ ᠤ ᠨᠡᠭᠦᠷᠡᠰᠦᠨ ᠠᠭᠤᠷᠬᠠᠢ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠩ ᠰᠠᠶᠢᠲᠤᠷ ᠥᠷᠨᠢᠭᠦᠯᠬᠦ ᠶᠢᠨ ᠲᠤᠰᠠᠳᠠ᠂ | 4 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠬᠤᠶᠢᠨ᠎ᠠ᠂ ᠴᠢᠩ ᠱᠦᠶ ᠾᠧ ᠰᠢᠶᠠᠨ ᠳᠤ ᠠᠯᠪᠠᠨ | ᠲᠤᠰᠢᠶᠠᠯᠲᠠᠨ ᠤ ᠨᠡᠭᠦᠷᠡᠰᠦᠨ ᠠᠭᠤᠷᠬᠠᠢ ᠳᠤ ᠬᠤᠯᠪᠣᠭᠳᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠭᠯᠠᠨ ᠮᠡᠳᠡᠭᠦᠯᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ | ᠡᠷᠬᠢᠯᠡᠵᠦ᠂ ᠡᠯ᠎ᠡ ᠨᠢᠭᠡᠴᠡ ᠶᠢᠨ ᠵᠢᠭᠰᠠᠭᠠᠨ ᠪᠠᠶᠢᠴᠠᠭᠠᠵᠤ ᠬᠦᠰᠦᠨᠦᠭ ᠲᠠᠭᠯᠠᠬᠤ ᠠᠵᠢᠯ ᠤᠨ ᠬᠠᠷᠢᠭᠤᠴᠠᠯᠭᠠᠲᠠᠨ ᠳᠤ | ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ᠃ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | ᠤᠨ ᠳᠡᠳ᠋ ᠳᠠᠷᠤᠭ᠎ᠠ ᠰᠢᠶ᠋ᠧ ᠵᠢᠶᠦ᠋ᠨ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠢᠭᠡᠴᠡ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠡᠯ ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠠᠯᠪᠠᠨ ᠲᠤᠰᠢᠶᠠᠯᠲᠠᠨ ᠤ ᠨᠡᠭᠦᠷᠡᠰᠦᠨ ᠠᠭᠤᠷᠬᠠᠢ ᠳᠤ ᠬᠤᠯᠪᠣᠭᠳᠠᠬᠤ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠣᠯ ᠲᠤᠰᠬᠠᠶ | ᠴᠡᠭᠴᠡᠯᠡᠨ ᠵᠠᠰᠠᠬᠤ ᠶᠢ ᠥᠷᠨᠢᠭᠦᠯᠬᠦ ᠶᠢᠨ ᠭᠤᠤᠯᠳᠠᠯᠭ᠎ᠠ ᠲᠠᠢ ᠡᠭᠦᠷᠭᠡ ᠪᠣᠯᠬᠤ ᠶᠢ ᠭᠦᠨᠵᠡᠭᠡᠶ ᠲᠠᠨᠢᠬᠤ ᠬᠡᠷᠡᠭᠲᠡᠶ᠃ | ᠡᠯ᠎ᠡ ᠨᠢᠭᠡᠴᠡ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠡᠷᠡᠰ ᠴᠢᠩᠭ᠎ᠠ ᠣᠪᠣᠷ ᠪᠠ ᠬᠦᠴᠦᠲᠡᠢ ᠠᠷᠭ᠎ᠠ | ᠬᠡᠮᠵᠢᠶ᠎ᠡ ᠪᠠᠷ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠤᠷᠠᠯ ᠤᠨ ᠳᠠᠷᠠᠭ᠎ᠠ ᠲᠦᠷᠭᠡᠨ ᠪᠠᠶᠢᠷᠢᠯᠠᠭᠤᠯᠵᠤ᠂ ᠨᠠᠷᠢᠨ ᠨᠢᠭᠲᠠ ᠲᠣᠬᠢᠷᠠᠭᠤᠯᠵᠤ᠂ ᠭᠤᠤᠯ | ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠡᠶ᠎ᠡ | ᠪᠠᠷ ᠢᠶᠠᠨ ᠮᠥᠷᠳᠡᠨ ᠰᠢᠮᠳᠠᠭᠤᠯᠤᠨ ᠭᠦᠶᠴᠡᠳᠬᠡᠵᠦ᠂ ᠪᠡᠶ᠎ᠡ ᠪᠠᠷ ᠢᠶᠠᠨ ᠬᠢᠨᠠᠨ ᠬᠠᠷᠭᠤᠭᠤᠯᠵᠤ ᠪᠣᠭᠤᠮᠲᠠ ᠰᠠᠬᠢᠬᠤ | ᠬᠡᠷᠡᠭᠲᠡᠶ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠲᠥᠪ ᠴᠢᠩᠭ᠎ᠠ ᠬᠠᠨᠳᠤᠵᠤ᠂ ᠨᠠᠷᠢᠨ ᠬᠢᠨᠠᠮᠠᠭᠠᠶ | ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠤᠬᠠᠮᠰᠠᠷ ᠠᠴᠠ ᠪᠠᠨ ᠬᠢᠨᠠᠯᠲᠠ ᠬᠦᠯᠢᠶᠡᠵᠦ᠂ ᠨᠢᠭᠤᠴᠠ ᠶᠢ | ᠬᠠᠮᠠᠭᠠᠯᠬᠤ ᠰᠠᠬᠢᠯᠭ᠎ᠠ ᠪᠠᠲᠤ ᠶᠢ ᠴᠢᠩᠭᠠᠳᠬᠠᠨ᠂ ᠮᠡᠳᠡᠭᠡ ᠵᠠᠩᠭᠢ ᠯᠡᠪᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠠᠬᠢᠯᠭ᠎ᠠ ᠪᠠᠲᠤ ᠬᠡᠷᠡᠭᠵᠢᠭᠦᠯᠬᠦ ᠬᠢᠨᠠᠯᠲᠠ ᠲᠠᠯᠪᠢᠬᠤ | ᠪᠠᠨ ᠴᠢᠩᠭᠠᠳᠬᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠨᠢ ᠨᠠᠷᠢᠨ ᠬᠢᠨᠠᠮᠠᠭᠠᠢ ᠪᠢᠰᠢ᠂ ᠬᠠᠰᠢ ᠶᠠᠰᠢ | ᠪᠠᠷ ᠥᠩᠭᠡᠷᠡᠭᠡᠵᠦ᠂ ᠬᠤᠭᠤᠴᠠᠭ᠎ᠠ ᠶᠣᠰᠣᠭᠠᠷ ᠠᠵᠢᠯ ᠢᠶᠠᠨ ᠪᠡᠶᠡᠯᠡᠭᠦᠯᠵᠦ ᠳᠡᠶᠢᠯᠦᠭᠰᠡᠨ ᠦᠭᠡᠢ ᠨᠢᠭᠡᠴᠡ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠠᠩ ᠸᠠᠨ ᠱᠧᠩ | ᠬᠤᠷᠠᠯ ᠳᠤ ᠣᠷᠣᠯᠴᠠᠭᠰᠠᠨ ᠬᠥᠮᠦᠰ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠡᠢ᠃ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ᠂ ᠬᠢᠨᠠᠵᠤ ᠭᠠᠷ ᠤᠨ ᠥᠰᠥᠭ ᠵᠢᠷᠤᠬᠤ ᠱᠠᠭᠠᠷᠳᠠᠯᠭ᠎ᠠ᠂ ᠠᠩᠬᠠᠷᠬᠤ | ᠵᠦᠶᠯᠡᠰ ᠵᠡᠷᠭᠡ ᠭᠤᠷᠪᠠᠨ ᠲᠠᠯ᠎ᠠ ᠪᠠᠷ ᠨᠠᠷᠢᠨ ᠲᠠᠶᠢᠯᠤᠮᠵᠢ ᠬᠢᠪᠠ᠃ | ᠲᠣᠰ ᠤᠳᠠᠭᠠᠨ ᠤ ᠠᠵᠢᠯ ᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠵᠤ ᠪᠦᠷᠢᠳᠬᠡᠬᠦ᠂ ᠵᠣᠬᠢᠶᠠᠨ | ᠪᠠᠶᠢᠭᠤᠯᠵᠤ ᠬᠦᠰᠦᠨᠦᠭ ᠲᠠᠭᠯᠠᠬᠤ ᠭᠡᠵᠦ ᠬᠤᠶᠠᠷ ᠱᠠᠲᠤ ᠬᠤᠪᠢᠶᠠᠨ᠎ᠠ᠃ ᠨᠢᠭᠡᠳᠦᠭᠡᠷ ᠱᠠᠲᠤᠨ ᠤ ᠠᠵᠢᠯ ᠢ ᠨᠢᠭᠡᠨᠲᠡ | ᠪᠥᠬᠦ ᠲᠠᠯ᠎ᠠ ᠪᠠᠷ ᠪᠡᠶᠡᠯᠡᠭᠦᠯᠵᠦ᠂ ᠪᠥᠬᠦ ᠰᠢᠶᠠᠨ ᠳᠤ ᠭᠠᠵᠠᠷ ᠤᠨ ᠱᠠᠲᠤᠨ ᠤ ᠤᠳᠤᠷᠢᠳᠤᠯᠭ᠎ᠠ᠂ ᠰᠠᠯᠠᠭᠠᠨ ᠤ ᠲᠠᠰ | ᠤᠨ ᠤᠳᠤᠷᠢᠳᠤᠯᠭ᠎ᠠ᠂ ᠨᠡᠭᠦᠷᠡᠰᠦ ᠳᠤ ᠬᠤᠯᠪᠣᠭᠳᠠᠬᠤ ᠭᠤᠣᠯᠳᠠᠯᠭ᠎ᠠ ᠲᠠᠢ ᠨᠢᠭᠡᠴᠡ ︵ᠰᠢᠶᠠᠩ ᠪᠠᠯᠭᠠᠰᠤ︶᠂ | ᠲᠤᠰᠢᠶᠠᠯ ᠠᠴᠠ ᠪᠠᠨ ᠪᠠᠭᠤᠭᠰᠠᠳ ᠢ ᠪᠠᠭᠲᠠᠭᠠᠭᠰᠠᠨ ᠨᠡᠭᠦᠷᠡᠰᠦᠨ ᠠᠭᠤᠷᠬᠠᠢ ᠳᠤ ᠬᠤᠯᠪᠣᠭᠳᠠᠭᠰᠠᠨ 2000 | ᠰᠢᠬᠠᠮ ᠬᠥᠮᠦᠨ ᠢ ᠲᠡᠮᠲᠡᠷᠢᠨ ᠭᠠᠷᠭᠠᠪᠠ᠃ ᠬᠤᠶᠠᠳᠤᠭᠠᠷ ᠱᠠᠲᠤ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ | ᠬᠦᠰᠦᠨᠦᠭᠲᠦ ᠲᠠᠭᠯᠠᠬᠤ ᠠᠵᠢᠯ ᠢ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠥᠬᠦ ᠲᠠᠯ᠎ᠠ ᠪᠠᠷ ᠥᠷᠨᠢᠭᠦᠯᠦᠨ᠎ᠡ᠃ | ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠣᠯᠤᠨ ᠠᠵᠢᠯᠲᠠᠨ ᠤ ᠶᠠᠪᠤᠳᠠᠯ ᠤᠨ ᠠᠵᠢᠯ ᠤᠨ ᠬᠠᠷᠢᠭᠤᠴᠠᠯᠭᠠᠲᠠᠨ ᠲᠣᠰ ᠤᠳᠠᠭᠠᠨ ᠤ ᠪᠣᠯᠪᠠᠰᠤᠷᠠᠭᠤᠯᠤᠯ ᠤᠨ | ᠬᠤᠷᠠᠯ ᠳᠤ ᠣᠷᠣᠯᠴᠠᠪᠠ᠃ |