ᠬᠥᠬᠡᠬᠤᠲᠠ ᠶᠢᠨ ᠡᠳᠦᠷ ᠤᠨ ᠰᠣᠨᠢᠨ᠄ ᠴᠢᠩ ᠱᠦᠶ ᠾᠧ ᠰᠢᠶᠠᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠵᠦ ᠠᠷᠠᠳ ᠤᠨ ᠰᠡᠳᠬᠢᠯ ᠢ ᠳᠤᠯᠠᠭᠠᠴᠠᠭᠤᠯᠵᠤ ᠭᠡᠷ᠎ᠡ ᠲᠣᠭᠲᠠᠬᠤ ᠦᠶᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2020-04-15
     ︽ᠪᠥᠬᠦ ᠲᠠᠯ᠎ᠠ ᠪᠠᠷ ᠪᠠᠲᠤ ᠴᠢᠩᠭ᠎ᠠ᠂ ᠡᠮᠦᠨ᠎ᠡ ᠡᠩᠨᠡᠭᠡᠨ ᠳᠤ ᠶᠠᠪᠤᠬᠤ︾ ᠵᠠᠭᠪᠤᠷᠲᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ ᠶᠣᠰᠣᠭᠠᠷ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ  ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤᠮᠳᠠᠬᠢ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠤᠰᠠᠳᠠ᠂ ᠣᠶᠢᠷ᠎ᠠ ᠳᠤ᠂ ᠴᠢᠩ ᠱᠦᠶ ᠾᠧ ᠰᠢᠶᠠᠨ ᠠᠴᠠ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠶᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ  ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠲᠤ ᠭᠦᠨᠵᠡᠭᠡᠶᠢᠷᠡᠨ ᠨᠢᠭᠡ ᠬᠥᠮᠦᠨ ᠲᠠᠢ ᠭᠡᠷ᠎ᠡ ᠲᠣᠭᠲᠠᠪᠠᠯ᠂ ᠨᠢᠭᠡ ᠬᠥᠮᠦᠨ ᠲᠠᠢ ᠭᠡᠷ᠎ᠡ ᠭᠦᠶᠴᠡᠳᠬᠡᠬᠦ᠂ ᠨᠢᠭᠡ ᠬᠥᠮᠦᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠭᠠᠷ ᠤᠨ ᠥᠰᠥᠭ ᠵᠣᠬᠢᠰᠲᠠᠢ ᠶᠢ ᠴᠥᠮ ᠭᠠᠷ ᠤᠨ ᠥᠰᠥᠭ ᠵᠢᠷᠤᠬᠤ︾ ᠵᠠᠷᠴᠢᠮ ᠶᠣᠰᠣᠭᠠᠷ ᠰᠦᠶᠳᠬᠡᠯ ᠬᠤᠷᠢᠶᠠᠬᠤ ᠥᠬᠡᠶ ᠪᠠᠷ ᠭᠡᠷ᠎ᠡ ᠲᠣᠭᠲᠠᠬᠤ ᠦᠶᠯᠡᠴᠢᠯᠡᠭᠡ ᠥᠷᠨᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶᠯᠡᠴᠢᠯᠡᠭᠡ ᠬᠠᠩᠭᠠᠪᠠ᠃      ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠶ ᠡᠪᠡᠳᠴᠢᠲᠡᠨ ᠳᠤ ᠴᠢᠭᠯᠡᠭᠦᠯᠦᠨ᠂ ᠦᠶᠯᠡᠴᠢᠯᠡᠭᠡᠨ ᠤ ᠪᠦᠯᠬᠦᠮ ᠨᠢ ᠱᠠᠲᠤ ᠬᠤᠪᠢᠶᠠᠨ ᠣᠨᠣᠰᠢᠯᠠᠨ ᠡᠮᠨᠡᠬᠦ᠂ ᠲᠦᠷᠭᠡᠨ ᠤᠳᠠᠭᠠᠨ ᠬᠤᠪᠢᠶᠠᠨ ᠵᠠᠰᠠᠬᠤ ᠵᠠᠷᠴᠢᠮ ᠶᠣᠰᠣᠭᠠᠷ᠂ ᠰᠠᠭᠠᠳ ᠥᠬᠡᠶ ᠨᠡᠪᠲᠡᠷᠡᠬᠦ ᠵᠠᠮ ᠪᠠ ᠰᠢᠯᠵᠢᠭᠦᠯᠦᠨ ᠡᠮᠨᠡᠭᠦᠯᠬᠦ ᠲᠣᠭᠲᠠᠴᠠ ᠶᠢ ᠪᠠᠶᠢᠭᠤᠯᠵᠤ᠂ ᠠᠪᠤᠷᠠᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠡᠪᠲᠡᠵᠦ ᠪᠣᠰᠴᠤ ᠳᠡᠶᠢᠯᠬᠦ ᠥᠬᠡᠶ ᠡᠪᠡᠳᠴᠢᠲᠡᠨ ᠳᠤ᠂ ᠦᠶᠯᠡᠴᠢᠯᠡᠬᠦ ᠪᠦᠯᠬᠦᠮ ᠴᠢᠭᠯᠡᠭᠦᠯᠬᠦ ᠴᠢᠨᠠᠷᠲᠠᠶ ᠦᠶᠯᠡᠴᠢᠯᠡᠭᠡ ᠬᠠᠩᠭᠠᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠭᠡᠷ᠎ᠡ ᠲᠣᠭᠲᠠᠭᠰᠠᠨ ᠡᠮᠴᠢ ᠠᠴᠠ ᠡᠭᠦᠳᠡᠨ ᠡᠮᠨᠡᠯᠭᠡ ᠳᠤ ᠣᠷᠳᠣ ᠬᠤᠭᠤᠴᠠᠭ᠎ᠠ ᠪᠠᠷ ᠡᠮ ᠬᠡᠷᠡᠭᠯᠡᠵᠦ ᠡᠮᠨᠡᠭᠦᠯᠦᠭᠰᠡᠨ ᠣᠨᠣᠰᠢᠯᠠᠭᠰᠠᠨ ᠭᠡᠷᠡᠴᠢ ᠭᠠᠷᠭᠠᠬᠤ ᠶᠢᠨ ᠬᠠᠮᠲᠤ ᠡᠮ ᠬᠡᠷᠡᠭᠯᠡᠬᠦ ᠪᠠ ᠣᠨᠣᠰᠢᠯᠠᠨ ᠡᠮᠨᠡᠬᠦ ᠲᠥᠰᠦᠯ ᠢ ᠲᠣᠭᠲᠠᠭᠠᠵᠤ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠡᠷ᠎ᠡ ᠲᠣᠭᠲᠠᠭᠰᠠᠨ ᠡᠮᠴᠢ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠬᠥᠳᠡᠭᠡ ᠲᠣᠰᠬᠤᠨ ᠤ ᠡᠮᠴᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠶᠢᠨ ᠣᠨᠣᠰᠢᠯᠠᠨ ᠡᠮᠨᠡᠬᠦ ᠲᠥᠰᠦᠯ ᠤᠨ ᠶᠣᠰᠣᠭᠠᠷ ᠵᠣᠷ ᠪᠢᠴᠢᠵᠦ ᠥᠭᠭᠦᠨ᠎ᠡ᠃      ᠭᠡᠷ᠎ᠡ ᠲᠣᠭᠲᠠᠬᠤ ᠦᠶᠯᠡᠴᠢᠯᠡᠭᠡᠨ ᠤ ᠶᠠᠪᠤᠴᠠ ᠳᠤ᠂ ᠦᠶᠯᠡᠴᠢᠯᠡᠭᠡᠨ ᠤ ᠪᠦᠯᠬᠦᠮ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠠᠷᠬᠠᠭ ᠡᠪᠡᠳᠴᠢᠨ ᠤ ︽ᠬᠤᠶᠠᠷ ᠡᠪᠡᠳᠴᠢᠨ︾ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠦᠶᠴᠡᠳᠬᠡᠬᠦ ᠶᠣᠰᠣᠲᠠᠶ ᠶᠢ ᠨᠢ ᠴᠥᠮ ᠭᠦᠶᠴᠡᠳᠬᠡᠵᠦ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠵᠤ᠂ ᠭᠡᠷ᠎ᠡ ᠲᠣᠭᠲᠠᠬᠤ ᠦᠶᠯᠡᠴᠢᠯᠡᠭᠡ ᠶᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ ᠡᠩ ᠤᠨ ᠤᠳᠠᠭᠠᠨ ᠴᠢᠨᠠᠷᠲᠠᠶ ᠡᠪᠡᠳᠴᠢᠲᠡᠨ ᠳᠤ ᠴᠢᠭᠯᠡᠭᠦᠯᠦᠨ᠂ ᠣᠨᠣᠰᠢᠯᠠᠭᠰᠠᠨ ᠭᠡᠷᠡᠴᠢ ᠵᠢᠴᠢ ᠡᠮ ᠬᠡᠷᠡᠭᠯᠡᠬᠦ ᠤᠷᠲᠤ ᠬᠤᠭᠤᠴᠠᠭᠠᠨ ᠤ ᠵᠣᠷ ᠬᠢᠵᠦ ᠥᠭᠪᠡ᠃ ᠣᠲᠣ ᠪᠣᠯᠲᠠᠯ᠎ᠠ᠂ ᠨᠡᠶᠢᠲᠡ 7276 ᠶᠠᠳᠠᠭᠤ ᠬᠦᠴᠢᠷᠳᠡᠯᠲᠡᠶ ᠬᠥᠮᠦᠨ ᠠᠮᠠ ᠲᠠᠢ ᠭᠡᠷ᠎ᠡ ᠲᠣᠭᠲᠠᠵᠤ᠂ ᠡᠭᠦᠨ ᠳᠤ 2499 ᠤᠳᠠᠭᠠᠨ ᠴᠢᠨᠠᠷᠲᠠᠶ ᠡᠪᠡᠳᠴᠢᠲᠡᠨ ᠪᠠᠶᠢᠨ᠎ᠠ᠃      ᠣᠶᠢᠯᠠᠭᠠᠭᠰᠠᠨ ᠢᠶᠠᠷ᠂ ᠭᠡᠷ᠎ᠡ ᠲᠣᠭᠲᠠᠬᠤ ᠦᠶᠯᠡᠴᠢᠯᠡᠭᠡ ᠪᠠ ᠶᠠᠳᠠᠭᠤ ᠬᠦᠴᠢᠷᠳᠡᠯᠲᠡᠶ ᠡᠷᠦᠬᠡ ᠶᠢᠨ ︽ᠬᠤᠶᠠᠷ ᠡᠪᠡᠳᠴᠢᠨ︾ ᠤ ᠬᠢᠨᠠᠨ ᠲᠣᠭᠲᠠᠭᠠᠬᠤ ᠠᠵᠢᠯ ᠨᠢ ᠪᠥᠬᠦ ᠰᠢᠶᠠᠨ ᠢᠶᠠᠷ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠭᠰᠡᠨ ᠪᠥᠭᠡᠳ ᠦᠨᠳᠦᠰᠦᠨ ᠱᠠᠲᠤᠨ ᠤ ᠤᠳᠠᠭᠠᠨ ᠴᠢᠨᠠᠷᠲᠠᠶ ᠡᠪᠡᠳᠴᠢᠲᠡᠨ  ᠤ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠠᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠶᠠᠳᠠᠭᠤ ᠬᠦᠴᠢᠷᠳᠡᠯᠲᠡᠶ ᠡᠷᠦᠬᠡ ᠬᠡᠷ ᠤᠨ ᠡᠭᠦᠳᠡᠨ ᠳᠡᠭᠡᠨ ᠪᠠᠶᠢᠪᠠᠯ ᠳᠠᠷᠤᠶ ᠴᠢᠨᠠᠷ ᠰᠠᠶᠢᠲᠠᠶ ᠡᠮ ᠡᠮᠨᠡᠯᠭᠡ ᠶᠢᠨ ᠦᠶᠯᠡᠴᠢᠯᠡᠭᠡ ᠬᠦᠷᠲᠡᠵᠦ ᠴᠢᠳᠠᠬᠤ ᠪᠤᠯᠠᠪᠠ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1