ᠵᠠᠩ ᠪᠠᠢ ᠴᠧᠩ ᠶᠠᠳᠠᠭᠤ ᠶᠢ ᠲᠡᠳᠬᠦᠬᠦ ᠠᠵᠢᠯ ᠤᠨ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠴᠢᠩ ᠱᠦᠶ ᠾᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠵᠤ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2020-04-17
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠤᠷᠪᠤᠯᠵᠢᠯᠠᠭᠴᠢ  ᠯᠢ ᠬᠠᠢ ᠵᠧᠨ︶ 4   ᠳ᠋ᠤᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠲᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ  ᠪᠠᠢ ᠴᠧᠩ ᠶᠠᠳᠠᠭᠤ ᠶᠢ ᠲᠡᠳᠬᠦᠬᠦ ᠠᠵᠢᠯ ᠤᠨ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠴᠢᠩ ᠱᠦᠶ ᠾᠧ ᠰᠢᠶᠠᠨ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠶ ᠲᠤᠬᠠᠶ ᠶᠢᠨ  ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠣᠲᠣ ᠦᠶ᠎ᠡ ᠶᠢᠨ ᠲᠠᠷᠢᠶᠠᠯᠠᠩ᠂ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠳᠠ ᠯᠤᠭ᠎ᠠ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠬᠠᠷᠠᠯᠲᠠ ᠶᠢ ᠴᠢᠨᠠᠷ ᠰᠠᠶᠢᠲᠠᠶ ᠪᠡᠶᠡᠯᠡᠭᠦᠯᠬᠦ  ᠬᠡᠷᠡᠭᠲᠡᠶ ᠭᠡᠵᠦ ᠴᠢᠬᠤᠯᠠᠴᠢᠯᠠᠪᠠ᠃            ᠴᠢᠩ ᠱᠦᠶ ᠾᠧ ᠰᠢᠶᠠᠨ ᠤ ᠬᠤᠩ ᠾᠧ ᠪᠠᠯᠭᠠᠰᠤᠨ ᠤ ᠭᠤᠤ ᠮᠤᠤ ᠴᠢᠤᠸᠠᠨ ᠶᠣᠣ ᠲᠣᠰᠬᠤᠨ ︽ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠰᠡᠳᠬᠢᠮᠵᠢ  ᠶᠣᠰᠣᠭᠠᠷ᠂ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠪᠠ ︽ᠢᠨᠲ᠋ᠧᠷ ᠰᠦᠯᠵᠢᠶ᠎ᠡ +︾ ᠰᠡᠳᠬᠢᠬᠦᠶ ᠪᠠᠷ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠳᠣᠭᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠰᠢᠨ᠎ᠡ ᠠᠯᠬᠤᠮ ᠢ ᠠᠯᠬᠤᠪᠠ᠃ ᠮᠧᠩ ᠴᠢᠩ ᠰᠢᠯᠢᠳᠡᠭ ᠢ ᠡᠭᠦᠳᠬᠦ ᠬᠥᠳᠡᠭᠡ ᠲᠣᠰᠬᠤᠨ ᠤ ᠡᠭᠦᠳᠦᠭᠴᠢ ᠶᠢᠨ ᠲᠥᠪ ᠲᠤ᠂ ᠵᠠᠩ  ᠪᠠᠢ ᠴᠧᠩ ᠥᠪᠥᠷ  ᠮᠣᠩᠭᠤᠯ ᠤᠨ ᠮᠧᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ  ᠬᠠᠷᠢᠭᠤᠴᠠᠯᠭᠠᠲᠤ ᠺᠣᠮᠫᠠᠨᠢ ᠶᠢᠨ ᠭᠤᠤᠯ ᠬᠠᠷᠢᠭᠤᠴᠠᠯᠭᠠᠳᠠᠨ ᠤ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ  ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠮᠧᠩ ᠴᠢᠩ ᠺᠣᠮᠫᠠᠨᠢ ᠶᠢᠨ ᠲᠠᠷᠢᠮᠠᠯ ᠳᠠᠷᠢᠬᠤ᠂ ᠠᠵᠤ ᠦᠢᠯᠡᠰ ᠢᠶᠠᠷ  ᠶᠠᠳᠠᠭᠤ ᠶᠢ ᠲᠡᠳᠬᠦᠬᠦ᠂ ᠬᠤᠷᠰᠢᠶ᠎ᠠ ᠶᠢᠨ ᠬᠠᠮᠢᠶᠠᠷᠤᠯᠲᠠ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢᠨ  ᠬᠤᠯᠪᠣᠭᠠᠯᠠᠯ᠂ ᠪᠦᠳᠦᠭᠡᠯᠴᠢ  ᠦᠢᠯᠡᠳᠭᠦᠨ ᠤ ᠪᠤᠷᠤᠯᠠᠭᠤᠯᠭ᠎ᠠ᠂ ᠤᠶᠤᠲᠠᠳ ᠤᠨ ᠬᠥᠳᠡᠭᠡ ᠲᠣᠰᠬᠤᠨ ᠳᠤ ᠦᠢᠯᠡᠰ ᠴᠣᠭᠴᠠᠯᠠᠬᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠥᠮᠦᠨ ᠢ ᠬᠥᠮᠦᠵᠢᠭᠦᠯᠬᠦ ᠵᠡᠷᠭᠡ ᠪᠠᠶᠢᠳᠠᠯ ᠢ ᠨᠠᠷᠢᠨ  ᠣᠶᠢᠯᠠᠭᠠᠪᠠ᠃ ᠵᠠᠩ ᠪᠠᠢ ᠴᠧᠩ ᠮᠧᠩ ᠴᠢᠩ ᠺᠣᠮᠫᠠᠨᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠪᠠ  ᠰᠡᠳᠬᠢᠮᠵᠢ ᠶᠢ ᠬᠦᠢᠴᠡᠳ ᠨᠤᠳᠠᠯᠠᠵᠤ᠂ ᠴᠢᠩ ᠱᠦᠶ ᠾᠧ ᠰᠢᠶᠠᠨ ᠵᠢᠴᠢ ᠬᠤᠲᠠ ᠶᠢᠨ ᠬᠤᠯᠪᠤᠭᠳᠠᠯ ᠪᠦᠬᠦᠢ  ᠰᠠᠯᠠᠭ᠎ᠠ ᠮᠥᠴᠢᠷ ᠤᠳ ᠲᠠᠷᠢᠶᠠᠯᠠᠩ ᠪᠠ ᠶᠠᠳᠠᠭᠤ ᠶᠢ ᠲᠡᠳᠬᠦᠬᠦ ᠬᠦᠷᠢᠶᠡᠨ ᠳᠠᠬᠢ ᠲᠤᠯᠤᠭᠠᠶᠢᠯᠠᠭᠴᠢ ᠠᠵᠤ  ᠠᠬᠤᠶᠢᠯᠠᠯ ᠢ ᠳᠡᠮᠵᠢᠵᠦ ᠪᠤᠶᠢᠵᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ  ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ  ᠂ ᠠᠵᠤ ᠠᠬᠤᠶᠢᠯᠠᠯ ᠢ ᠲᠡᠳᠬᠦᠨ ᠳᠡᠮᠵᠢᠵᠦ ᠲᠠᠰᠤᠷᠠᠯᠲᠠ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ ᠎ᠡ ᠪᠦᠲᠦᠮᠵᠢ ᠶᠢ ᠦᠨᠡᠨ ᠬᠦ  ᠪᠠᠬᠢᠵᠢᠭᠦᠯᠵᠦ᠂ ᠬᠥᠳᠡᠭᠡ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃            ᠱᠧᠩ ᠳ᠋ᠢ ᠸᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠪᠣᠯ ᠴᠢᠩ ᠱᠦᠶ ᠾᠧ  ᠰᠢᠶᠠᠨ ᠤ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ︽ᠠᠮᠢ ᠠᠬᠤᠶ ᠶᠢ  ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ  ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠴᠢᠬᠤᠯᠠ ᠦᠢᠯᠡᠳᠦᠯᠭᠡ ᠮᠥᠨ᠂ ᠪᠠᠰᠠ ᠴᠤ ᠠᠯᠪᠠᠨ ᠵᠢᠷᠤᠮ ᠤᠨ ᠮᠣᠳᠣ ᠳᠠᠷᠢᠬᠤ ᠬᠡᠯᠪᠡᠷᠢ ᠶᠢᠨ ᠰᠢᠨ᠎ᠡ ᠶᠢ ᠡᠭᠦᠳᠬᠦ ︽ᠲᠤᠷᠰᠢᠯᠲᠠ ᠶᠢᠨ ᠲᠠᠷᠢᠶ᠎ᠠ︾ ᠮᠥᠨ᠃ ᠱᠧᠩ ᠳ᠋ᠢ  ᠸᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ᠂ ᠵᠠᠩ  ᠪᠠᠢ ᠴᠧᠩ ᠭᠠᠷ ᠤᠲᠠᠰᠤ ᠪᠠᠷ  ᠢᠶᠠᠨ︽ ᠢᠨᠲ᠋ᠧᠷ ᠰᠦᠯᠵᠢᠶ᠎ᠡ + ᠠᠯᠪᠠᠨ ᠵᠢᠷᠤᠮ ᠤᠨ ᠮᠣᠳᠣ ᠳᠠᠷᠢᠬᠤ︾ ᠮᠦᠩᠭᠦ ᠬᠠᠨᠳᠢᠪᠯᠠᠬᠤ ᠡᠷᠢᠶᠡᠨ  ᠴᠣᠬᠤᠷ ᠢ ᠰᠢᠷᠪᠢᠵᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶ᠎ᠡ ᠳᠤ ᠭᠠᠷᠴᠤ  ᠂ ᠸᠢᠴᠠᠲ ᠢᠶᠠᠷ ᠢᠶᠠᠨ  ︽ᠬᠠᠲᠤᠨ ᠭᠤᠣᠯ ᠢᠶᠠᠨ ᠬᠠᠮᠠᠭᠠᠯᠠᠬᠤ — ᠮᠣᠳᠣ ᠲᠠᠷᠢᠵᠤ ︿ᠶᠠᠳᠠᠭᠤ ᠶᠢ ᠲᠡᠳᠬᠦᠬᠦ﹀︾   ᠳᠤ ᠮᠦᠩᠭᠦ ᠬᠠᠨᠳᠢᠪᠯᠠᠪᠠ᠃ ᠳᠠᠷᠠᠭ᠎ᠠ ᠨᠢ᠂ ᠲᠡᠷᠡ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠬᠠᠮᠲᠤ  ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠤᠯᠠᠨ ᠢᠶᠠᠷ ᠢᠶᠠᠨ ᠰᠢᠨ᠎ᠡ ᠪᠠᠷ ᠵᠠᠶᠢᠯᠠᠵᠤ ᠤᠷᠭᠤᠭᠤᠯᠤᠭᠰᠠᠨ ᠴᠢᠬᠢ ᠮᠣᠳᠣᠨ ᠳᠤ ᠰᠢᠷᠣᠢ ᠨᠡᠮᠡᠵᠦ᠂ ᠬᠢᠰᠭᠢᠯᠡᠨ᠂ ᠤᠰᠤᠯᠠᠵᠤ᠂ ᠬᠦᠴᠦ ᠪᠠᠨ ᠬᠠᠮᠲᠤᠳᠬᠠᠨ  ᠨᠢᠭᠡ ᠰᠠᠭᠤᠷᠢ ᠨᠠᠷᠠᠰᠤ ᠮᠠᠶᠢᠯᠠᠰᠤ ᠪᠣᠯᠤᠨ ᠳᠠᠯᠠᠢ ᠶᠢᠨ ᠤᠯᠠᠭᠠᠨ ᠵᠢᠮᠢᠰ ᠲᠠᠷᠢᠪᠠ᠃ ᠮᠣᠳᠣ ᠳᠠᠷᠢᠬᠤ ᠳᠤᠮᠳᠠ᠂ ᠵᠠᠩ  ᠪᠠᠢ ᠴᠧᠩ ᠴᠢᠩ ᠱᠦᠶ ᠾᠧ ᠰᠢᠶᠠᠨ ᠤ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠢᠩ ᠱᠦᠢ ᠾᠧ ᠰᠢᠶᠠᠨ ᠠᠮᠢ ᠠᠬᠤᠢ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠨᠡᠩ ᠲᠤᠪᠤᠶᠢᠮ᠎ᠠ  ᠪᠠᠶᠢᠷᠢᠨ ᠳᠤ ᠲᠠᠯᠪᠢᠵᠤ᠂ ᠴᠢᠩ ᠱᠦᠢ ᠾᠧ ᠰᠢᠶᠠᠨ ᠤ ᠠᠭᠤᠯᠠ ᠶᠢ ᠤᠯᠠᠮ ᠠᠴᠠ ᠤᠯᠠᠮ ᠭᠤᠶᠤ ᠪᠣᠯᠭᠠᠵᠤ᠂  ᠠᠷᠠᠳ ᠤᠨ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ  ᠦᠨᠡᠨ ᠬᠦ ᠠᠯᠲᠠ ᠮᠥᠩᠭᠦᠨ ᠠᠭᠤᠯᠠ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ  ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1