ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 125 ᠳ᠋ᠤᠭᠠᠷ ᠬᠤᠷᠠᠯ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2020 ᠣᠨ ᠤ 11 ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-20
      2020 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠬᠤ ᠶᠢᠨ ᠬᠤᠷᠢᠶ᠎ᠠ ᠶᠢᠨ 125 ᠳ᠋ᠤᠭᠠᠷ ᠬᠤᠷᠠᠯ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 11 ᠳ᠋ᠦ᠋ᠭᠡᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ 4 ᠳ᠋ᠦ᠋ᠭᠡᠷ ᠰᠠᠷ᠎ᠠ  ᠶᠢᠨ 8 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠦᠬᠠᠨ ᠬᠤᠲᠠ ᠶᠢᠨ ᠳ᠋ᠦᠩ ᠬᠤ᠋ ᠨᠡᠶᠢᠭᠡᠮ ᠲᠣᠭᠤᠷᠢᠭ ᠤᠨ ᠪᠥᠬᠦ ᠠᠵᠢᠯᠲᠠᠳ ᠲᠤ ᠥᠭᠭᠦᠭᠰᠡᠨ ᠬᠠᠷᠢᠭᠤ ᠵᠠᠬᠢᠳᠠᠯ᠂ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 24 ᠳ᠋ᠦ᠋ᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠶ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 205 ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠭᠤᠶᠢᠯᠠᠩ ᠤᠨ  ︽ᠱᠢ ᠲᠠᠢ ᠹᠧᠩ ᠱᠦᠵᠢ ᠶᠢᠨ ᠬᠡᠰᠡᠭ ᠠᠶᠢᠮᠠᠭ ᠬᠤᠲᠠ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠯᠲᠠ ᠰᠢᠪᠲᠤᠯᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠷᠢᠨ ᠪᠠᠶᠢᠳᠠᠯ ᠢ ᠣᠶᠢᠯᠭᠠᠵᠤ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠶ ᠮᠡᠳᠡᠭᠳᠡᠯ ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠬᠠᠷᠢᠭᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠰᠢᠶᠠᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠤᠭᠰᠠᠨ ᠪᠥᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ  ᠤᠨ ᠶᠡᠷᠦᠩᠬᠡᠢ ᠠᠩᠭᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠰᠢᠶᠠᠨ  ᠢ ᠡᠭᠦᠳᠦᠨ ᠪᠠᠶᠢᠭᠤᠯᠬᠤ ᠲᠤᠬᠠᠶ 34 ᠦᠯᠢᠭᠡᠷ ᠳᠠᠭᠤᠷᠢᠶᠠᠯ ᠲᠣᠰᠬᠤᠨ ᠤ ᠰᠢᠮᠳᠠᠭᠤᠯᠤᠨ ᠪᠠᠶᠢᠴᠠᠭᠠᠭᠰᠠᠨ ᠪᠠᠶᠢᠳᠠᠯ᠂ ︽ᠪᠥᠬᠦ ᠲᠠᠯ᠎ᠠ ᠪᠠᠷ ᠪᠠᠲᠤ ᠴᠢᠩᠭ᠎ᠠ᠂ ᠡᠮᠦᠨ᠎ᠡ ᠡᠩᠨᠡᠭᠡᠨ ᠳᠤ ᠶᠠᠪᠤᠬᠤ︾ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠡᠰᠡᠭ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠬᠤᠷᠠᠯ ᠠᠴᠠ ︽ᠴᠢᠩ ᠱᠦᠢ ᠾᠧ ᠰᠢᠶᠠᠨ ᠤ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠠᠵᠢᠯ ᠤᠨ ᠬᠤᠪᠢᠶᠠᠷᠢᠯᠠᠯ ᠤᠨ ᠲᠥᠰᠦᠯ︾᠂ ︽ᠴᠢᠩ ᠱᠦᠢ ᠾᠧ ᠰᠢᠶᠠᠨ ᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠴᠢᠩ ᠱᠦᠢ ᠾᠧ ᠰᠢᠶᠠᠨ ᠤ ︿ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ﹀ ᠤ ᠲᠤᠰᠬᠠᠢ ᠠᠵᠢᠯᠯᠠᠭ᠎ᠠ ᠶᠢᠨ ᠲᠥᠰᠦᠯ︾ ᠪᠠ ︽2020 ᠣᠨ ᠤ ᠪᠦᠬᠦ ᠰᠢᠶᠠᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠴᠢᠩ ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠤᠨ ᠶᠡᠷᠦᠩᠬᠡᠢ ᠠᠩᠬᠢ ᠶᠢᠨ ᠳᠠᠷᠤᠭ᠎ᠠ᠂ ᠶᠡᠷᠦᠩᠬᠡᠢ ᠠᠩᠬᠢ ᠶᠢᠨ ᠳᠡᠳ᠋ ᠳᠠᠷᠤᠭ᠎ᠠ᠂ ᠬᠤᠳᠠ ᠶᠢᠨ ᠴᠢᠩ ᠱᠦᠢ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ ᠪᠣᠯᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1