ᠴᠢᠩ ᠱᠦᠶ ᠾᠧ ᠰᠢᠶᠠᠨ ᠤ 2020 ᠣᠨ ᠤ ᠭᠤᠤᠯᠳᠠᠯᠭ᠎ᠠ ᠲᠠᠢ ᠲᠥᠷᠥᠯ ᠵᠦᠶᠯ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020-04-22
     4 ᠳ᠋ᠦ᠋ᠭᠡᠷ ᠰᠠᠷ᠎ᠠ ᠶᠢᠨ 17 ᠤ ᠡᠳᠦᠷ᠂ ᠴᠢᠩ ᠱᠦᠶ ᠾᠧ ᠰᠢᠶᠠᠨ ᠤ 2020 ᠣᠨ ᠤ ᠭᠤᠤᠯᠳᠠᠯᠭ᠎ᠠ ᠲᠠᠢ ᠲᠥᠷᠥᠯ ᠵᠦᠶᠯ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ  ᠤᠨ ᠡᠷᠬᠢᠯᠡᠭᠴᠢ ᠵᠠᠩ ᠭᠦᠸᠧ ᠫᠢᠩ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠤᠳᠠᠭ᠎ᠠ ᠲᠥᠪᠯᠡᠷᠡᠭᠦᠯᠦᠨ ᠰᠢᠨ᠎ᠡ ᠪᠠᠷ ᠠᠵᠢᠯ ᠡᠬᠢᠯᠡᠭᠦᠯᠦᠭᠰᠡᠨ ᠨᠢ ᠬᠤᠩ ᠾᠧ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠶᠯ᠂ ᠱᠢ ᠴᠢ ᠭᠸᠦ ᠨᠡᠭᠦᠷᠡᠰᠦᠨ ᠤ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ᠂ ᠪᠤᠬᠢᠷᠳᠤᠯ ᠥᠬᠡᠶ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠲᠣᠭᠤᠷᠢᠭ ᠤᠨ ᠲᠥᠷᠥᠯ ᠵᠦᠶᠯ᠂ ᠴᠧᠩ ᠭᠤᠸᠠᠨ ᠪᠠᠯᠭᠠᠰᠤᠨ ᠤ ᠵᠢᠶᠠ ᠵᠢᠶᠠ ᠸᠠᠨ ᠲᠣᠭᠤᠷᠢᠭ ᠬᠡᠰᠡᠭ ᠤᠨ 4 ᠲᠥᠷᠥᠯ ᠵᠦᠶᠯ ᠪᠣᠯᠤᠨ᠎ᠠ᠃ ᠬᠤᠩ ᠾᠧ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠶᠯ ᠪᠣᠯ ᠴᠢᠩ ᠱᠦᠶ ᠾᠧ ᠰᠢᠶᠠᠨ ᠤ ᠬᠤᠩ ᠾᠧ ᠪᠠᠯᠭᠠᠰᠤᠨ ᠳᠤ ᠪᠠᠶᠢᠷᠢᠯᠠᠵᠤ᠂ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠵᠡᠷᠭᠡ ᠴᠢᠳᠠᠮᠵᠢ ᠶᠢ ᠨᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠬᠡᠯᠪᠡᠷᠢ ᠶᠢᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠪᠣᠯᠤᠨ᠎ᠠ᠃ ᠲᠥᠷᠥᠯ ᠵᠦᠶᠯ ᠤᠨ ᠨᠢᠭᠡᠳᠦᠭᠡᠷ ᠬᠤᠭᠤᠴᠠᠭ᠎ᠠ ᠶᠢ 4 ᠳ᠋ᠦ᠋ᠭᠡᠷ ᠰᠠᠷ᠎ᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ 12 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠪᠤᠢ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 20 ᠳ᠋ᠦᠩᠰᠢᠭᠤᠷ ᠲᠥᠭᠦᠷᠢᠭ ᠲᠤ ᠬᠦᠷᠴᠦ᠂ ᠭᠠᠶᠢᠯᠢ ᠶᠢᠨ ᠠᠰᠢᠭ 1.5 ᠳ᠋ᠦᠩᠰᠢᠭᠤᠷ ᠲᠥᠭᠦᠷᠢᠭ ᠲᠤ ᠬᠦᠷᠴᠦ᠂ 600 ᠭᠠᠷᠤᠶ ᠬᠥᠮᠦᠨ ᠳᠤ ᠠᠵᠢᠯ ᠣᠯᠭᠤᠵᠤ ᠪᠣᠯᠤᠨ᠎ᠠ᠃ ᠱᠢ ᠴᠢ ᠭᠸᠦ ᠨᠡᠭᠦᠷᠡᠰᠦᠨ ᠤ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠪᠣᠯ ᠵᠢᠦ ᠼᠠᠢ ᠵᠤᠸᠠᠩ ᠰᠢᠶᠠᠩ ᠤᠨ ᠱᠢ ᠴᠢ ᠭᠸᠦ ᠲᠣᠰᠬᠤᠨ ᠤ ᠪᠠᠷᠠᠭᠤᠨ ᠲᠠᠯ᠎ᠠ ᠳᠤ ᠪᠠᠶᠢᠷᠢᠯᠠᠵᠤ᠂ ᠨᠡᠭᠦᠷᠡᠰᠦ ᠶᠢᠨ ᠡᠵᠡᠩᠨᠡᠨ ᠪᠣᠷᠣᠯᠠᠭᠤᠯᠬᠤ᠂ ᠪᠠᠷᠠᠭᠠᠨ ᠤ ᠭᠦᠶᠯᠭᠡᠭᠡ᠂ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠪᠣᠯᠤᠨ᠎ᠠ᠃ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠣᠷᠣᠭᠤᠯᠵᠤ ᠭᠠᠷᠭᠠᠬᠤ ᠶᠡᠷᠦᠩᠬᠡᠢ ᠬᠡᠮᠵᠢᠶ᠎ᠡ 4500 ᠲᠦᠮᠡᠨ ᠲᠣᠨ ᠳᠤ ᠬᠦᠷᠴᠦ᠂ ᠵᠢᠯ ᠤᠨ ᠦᠢᠯᠡᠳᠬᠦᠨ ᠤ ᠦᠷᠲᠡᠭ 170 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠭᠡᠪᠦᠷᠢ ᠶᠢᠨ ᠭᠠᠶᠢᠯᠢ᠂ ᠦᠷᠳᠡᠭ ᠨᠡᠮᠡᠭᠳᠡᠯ ᠤᠨ ᠭᠠᠶᠢᠯᠢ ᠵᠡᠷᠭᠡ ᠶᠢ 3 ᠳ᠋ᠦᠩᠰᠢᠭᠤᠷ ᠰᠢᠬᠠᠮ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ 10000 ᠭᠠᠷᠤᠢ ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ ᠪᠣᠯᠤᠨ᠎ᠠ᠃ ᠪᠣᠬᠢᠷᠲᠤᠯ ᠥᠬᠡᠶ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠲᠣᠭᠤᠷᠢᠭ  ᠤᠨ ᠲᠥᠷᠥᠯ ᠵᠦᠶᠯ ᠨᠢ ᠬᠤᠩ ᠾᠧ ᠪᠠᠯᠭᠠᠰᠤᠨ ᠳᠤ ᠪᠠᠶᠢᠷᠢᠯᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠣᠬᠢᠷᠲᠤᠯ ᠥᠬᠡᠶ ᠠᠵᠤ ᠦᠶᠯᠡᠰ  ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠲᠣᠭᠤᠷᠢᠭ ᠪᠣᠯᠤᠨ᠎ᠠ᠂ ᠬᠦᠷᠢᠶᠡᠯᠡᠩ ᠲᠣᠭᠤᠷᠢᠭ ᠨᠢ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠲᠣᠭᠤᠷᠢᠭ ︵ᠡᠮᠦᠨ᠎ᠡ ᠲᠣᠭᠤᠷᠢᠭ︶ ᠪᠠ ᠴᠢᠨᠠᠷ ᠰᠠᠶᠢᠲᠠᠶ ᠰᠠᠭᠠᠯᠢ ᠶᠢᠨ ᠢᠮᠠᠭ᠎ᠠ ᠦᠷᠡᠵᠢᠭᠦᠯᠦᠨ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ︵ᠬᠤᠶᠢᠲᠤ ᠲᠣᠭᠤᠷᠢᠭ︶ ᠬᠤᠶᠠᠷ ᠬᠡᠰᠡᠭ ᠢᠶᠠᠷ ᠪᠦᠷᠢᠯᠳᠦᠵᠡᠶ᠃ ᠴᠧᠩ ᠭᠤᠸᠠᠨ ᠪᠠᠯᠭᠠᠰᠤᠨ ᠤ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠵᠢᠶᠠ ᠵᠢᠶᠠ ᠸᠠᠨ ᠤ ᠬᠡᠰᠡᠭ ᠲᠤ ᠶᠡᠷᠦᠩᠬᠡᠢ ᠲᠠᠯᠠᠪᠠᠶ ᠨᠢ ᠪᠠᠷᠤᠭ 170 ᠮᠥ᠂ ᠪᠠᠷᠢᠯᠭ᠎ᠠ ᠶᠢᠨ ᠲᠠᠯᠠᠪᠠᠶ ᠨᠢ ᠪᠠᠷᠤᠭ 16 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1