ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠮᠢᠨ ᠴᠦᠨ 4 ᠳ᠋ᠦ᠋ᠭᠡᠷ ᠰᠠᠷ᠎ᠠ ᠶᠢᠨ 23 ᠤ ᠡᠳᠦᠷ ᠶᠣᠣ ᠭᠸᠦ | ᠰᠢᠶᠠᠩ ᠳᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ | ᠬᠤᠷᠠᠯ ᠳᠡᠭᠡᠷ᠎ᠡ᠂ ᠶᠣᠣ ᠭᠸᠦ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠪᠠᠶ ᠱᠢ ᠯᠢᠶᠠᠩ ᠭᠤᠤᠯᠳᠠᠯᠭ᠎ᠠ | ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠭᠰᠡᠨ ᠪᠠᠶᠢᠳᠠᠯ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠲᠤᠬᠠᠶ ᠲᠣᠰ ᠲᠣᠰ ᠨᠠᠷᠢᠨ ᠮᠡᠳᠡᠭᠦᠯᠦᠯᠲᠡ ᠬᠢᠪᠠ᠃ | ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠠᠩ ᠮᠢᠨ ᠴᠦᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ | ᠨᠢᠭᠡᠪᠦᠷᠢ ᠶᠢᠨ ᠪᠤᠲᠠᠲᠠᠢ ᠪᠠᠶᠢᠳᠠᠯ ᠳᠤ ᠦᠨᠳᠦᠰᠦᠯᠡᠨ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠰᠠᠨᠠᠯ ᠳᠤᠷᠠᠳᠪᠠ | ᠃ ᠲᠡᠷᠡ ᠵᠢᠭᠠᠵᠤ ᠭᠠᠷᠭᠠᠭᠰᠠᠨ ᠨᠢ᠂ ᠶᠣᠣ ᠭᠸᠦ ᠰᠢᠶᠠᠩ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠤᠲᠠᠲᠠᠢ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠬᠠᠷᠢᠭᠤᠴᠠᠯᠭ᠎ᠠ ᠶᠢ ᠬᠥᠮᠦᠨ ᠳᠤᠨᠢ | ᠬᠦᠷᠲᠡᠯ᠎ᠡ᠂ ᠡᠷᠬᠡᠪᠰᠢ 5 ᠰᠠᠷ᠎ᠠ ᠶᠢᠨ ᠰᠡᠭᠦᠯᠴᠢ ᠠᠴᠠ ᠡᠮᠦᠨ᠎ᠡ ᠯᠢᠦ ᠬᠤ᠋ ᠯᠢᠶᠠᠩ ᠤᠨ ᠨᠡᠭᠦᠷᠡᠰᠦᠨ ᠠᠭᠤᠷᠬᠠᠶ ᠳᠤ | ᠬᠤᠯᠪᠣᠭᠳᠠᠭᠰᠠᠨ 3 ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ | ᠴᠠᠭ ᠲᠤᠬᠠᠶ ᠳᠤᠨᠢ ᠲᠡᠭ ᠪᠣᠯᠭᠠᠬᠤ ᠬᠡᠷᠡᠭᠲᠡᠶ︔ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ | ᠠᠷᠭ᠎ᠠ ᠬᠡᠮᠵᠢᠶ᠎ᠡ ᠠᠪᠴᠤ᠂ ᠪᠦᠬᠦ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ | ᠠᠵᠢᠯ ᠢ ᠡᠷᠬᠡᠪᠰᠢ ᠰᠠᠶᠢᠲᠤᠷ ᠬᠢᠬᠦ ᠬᠡᠷᠡᠭᠲᠡᠶ ᠭᠡᠵᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ᠂ ᠵᠠᠩ ᠮᠢᠨ ᠴᠦᠨ | ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠠᠷᠢᠯᠢᠭ ᠪᠣᠳᠠᠲᠠᠢ | ᠬᠢᠵᠦ᠂ ︽ᠬᠤᠸᠠᠷ ᠬᠠᠳᠬᠤᠬᠤ︾ ᠠᠵᠢᠯ ᠢ ᠭᠦᠢᠴᠡᠳ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠪᠣᠳᠠᠲᠠᠢ ᠲᠠᠢ ᠪᠠᠨ ᠤᠶᠠᠯᠳᠤᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ | ᠬᠦ ᠰᠠᠶᠢᠲᠤᠷ ᠠᠳᠬᠤᠬᠤ ᠬᠡᠷᠡᠭᠲᠡᠢ︔ ᠤᠳᠤ ᠪᠠᠶᠢᠭ᠎ᠠ ᠠᠵᠤ ᠦᠢᠯᠡᠰ ᠢ ᠯᠠᠪᠳᠠᠭᠤᠨ ᠪᠠᠲᠤᠲᠠᠢ ᠰᠠᠶᠢᠲᠤᠷ | ᠬᠥᠭᠵᠢᠭᠦᠯᠵᠦ᠂ ᠭᠢᠯᠠᠰ ᠴᠡᠭ ᠪᠣᠯᠬᠤ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠬᠦ ᠬᠡᠷᠡᠭᠲᠡᠢ ᠭᠡᠵᠡᠢ᠃ | ᠰᠢᠶᠠᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠬᠤᠤ ᠰᠢᠶᠤᠤ | ᠸᠧᠨ᠂ ᠶᠣᠣ ᠭᠸᠤ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠲᠠ ᠡᠯ ᠯᠢᠶᠠᠩ᠂ ᠾᠸᠢ ᠹᠠᠨ ᠭᠸᠦ | ᠲᠣᠰᠬᠤᠨ ᠤ ᠨᠠᠮ ᠤᠨ ᠡᠭᠦᠷ ᠤᠨ ᠬᠠᠷᠢᠭᠤᠴᠠᠯᠭᠠᠲᠠᠨ᠂ ᠯᠢᠦ ᠬᠤ᠋ ᠯᠢᠶᠠᠩ ᠨᠡᠭᠦᠷᠡᠰᠦᠨ ᠠᠭᠤᠷᠬᠠᠢ᠂ ᠲᠢᠶᠠᠨ ᠼᠢ | ᠶᠤᠸᠠᠨ ᠨᠡᠭᠦᠷᠡᠰᠦᠨ ᠠᠭᠤᠷᠬᠠᠢ ᠶᠢᠨ ᠲᠥᠯᠥᠭᠡᠯᠡᠭᠴᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ | ᠃ |