ᠮᠠᠨ ᠤ ᠰᠢᠶᠠᠨ ︽ᠳᠡᠯᠡᠬᠡᠶ ᠶᠢᠨ ᠨᠣᠮ ᠤᠩᠰᠢᠬᠤ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-27
     ᠡᠨᠡ ᠵᠢᠯ ᠤᠨ 4 ᠳ᠋ᠦ᠋ᠭᠡᠷ ᠰᠠᠷ᠎ᠠ ᠶᠢᠨ 23 ᠤ ᠡᠳᠦᠷ ᠪᠣᠯ 25 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠂ ᠬᠥᠮᠦᠨ ᠪᠦᠬᠦᠨ ᠨᠣᠮ ᠤᠩᠰᠢᠬᠤ ᠳᠤ ᠣᠷᠣᠯᠴᠠᠬᠤ ᠶᠢ ᠰᠠᠨᠠᠭᠠᠴᠢᠯᠠᠵᠤ᠂ ᠥᠷᠭᠡᠨ ᠳᠡᠯᠭᠡᠷ ᠰᠤᠷᠤᠯᠴᠠᠬᠤ ᠳᠤ ᠰᠠᠭᠤᠷᠢ ᠲᠠᠯᠪᠢᠵᠤ᠂ ᠪᠡᠶ᠎ᠡ ᠳᠡᠭᠡᠨ ᠢᠲᠡᠭᠡᠯ ᠲᠠᠢ ᠪᠠᠶᠢᠵᠤ᠂ ᠬᠥᠮᠦᠨ ᠤ ᠠᠮᠢᠳᠤᠷᠠᠯ ᠳᠤ ᠰᠠᠭᠤᠷᠢ ᠲᠠᠯᠪᠢᠬᠤ ᠶᠢᠨ ᠲᠤᠰᠠᠳᠠ᠂ 25 ᠳ᠋ᠤᠭᠠᠷ 《ᠳᠡᠯᠡᠬᠡᠶ ᠶᠢᠨ ᠨᠣᠮ ᠤᠩᠰᠢᠬᠤ ᠡᠳᠦᠷ》 ᠤᠨ ᠲᠠᠰᠢᠷᠠᠮ ᠢᠶᠠᠷ᠂ ᠮᠠᠨ  ᠤ ᠰᠢᠶᠠᠨ ᠤ ᠡᠯ᠎ᠡ ᠨᠣᠮ ᠤᠨ ᠳᠡᠯᠭᠡᠭᠦᠷ ᠢᠳᠡᠪᠬᠢᠲᠡᠶ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃      ᠠᠵᠢᠯᠯᠠᠭ᠎ᠠ ᠳᠤᠮᠳᠠ᠂ ᠰᠢᠶᠠᠨ ᠤ ᠰᠢᠨᠬᠤᠸᠠ ᠨᠣᠮ ᠤᠨ ᠳᠡᠯᠭᠡᠭᠦᠷ ᠪᠣᠯᠤᠨ ᠬᠠᠶᠢᠪᠧᠯ ᠨᠣᠮ ᠤᠨ ᠳᠡᠯᠭᠡᠭᠦᠷ ᠡᠷᠲᠡ ᠠᠴᠠ ᠡᠯ᠎ᠡ ᠲᠦᠷᠦᠯ ᠤᠨ ᠨᠣᠮ ᠪᠢᠴᠢᠭ ᠢ ᠭᠦᠢᠴᠡᠳ ᠪᠡᠯᠡᠳᠬᠡᠵᠦ᠂ ᠪᠦᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠬᠠᠷᠠᠭᠠᠯᠵᠠᠯ ᠦᠵᠡᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠪᠠ᠃      ᠡᠨᠡ ᠬᠦ ᠣᠨᠴᠠᠭᠠᠢ ᠡᠳᠦᠷ ᠲᠤ᠂ ᠤᠩᠰᠢᠯᠭ᠎ᠠ ᠳᠤ ᠪᠠᠭ᠋ᠠᠲᠠᠢ ᠬᠥᠮᠦᠰ ᠬᠤᠶᠢᠨ᠎ᠠ ᠬᠤᠶᠢᠨ᠎ᠠ ᠠᠴᠠ ᠪᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠪᠣᠯᠤᠨ ᠬᠠᠶᠢᠪᠧᠯ ᠨᠣᠮ ᠤᠨ ᠳᠡᠯᠭᠡᠭᠦᠷ ᠲᠤ ᠬᠦᠷᠴᠦ᠂ ᠨᠢᠳᠦ ᠳᠦᠭᠦᠷᠡᠩ ᠨᠣᠮ ᠪᠢᠴᠢᠭ ᠤᠨ ᠵᠢᠶᠠᠰᠠᠨ ᠳᠡᠭᠡᠷ᠎ᠡ ᠠᠴᠠ ᠥᠪᠡᠷ ᠤᠨ ᠳᠤᠷᠠᠲᠠᠢ ᠨᠣᠮ ᠢᠶᠠᠨ ᠨᠠᠷᠢᠨ ᠬᠢᠨᠠᠮᠠᠭᠠᠢ ᠰᠢᠯᠢᠨ ᠰᠣᠩᠭᠤᠵᠤ᠂ ᠨᠣᠮ ᠤᠨ ᠵᠢᠶᠠᠰᠠ ᠶᠢᠨ ᠬᠠᠵᠠᠭᠤ ᠳᠤ ᠵᠣᠭᠰᠣᠭᠠᠳ ᠨᠣᠮ ᠤᠨ ᠠᠭᠤᠯᠭ᠎ᠠ ᠠᠴᠠ ᠨᠢ ᠭᠦᠨ ᠲᠠᠲᠠᠭᠳᠠᠵᠤ᠂ ᠨᠣᠮ ᠤᠩᠰᠢᠵᠤ ᠡᠬᠢᠯᠡᠪᠡ᠂ ᠵᠠᠷᠢᠮ ᠪᠢᠴᠢᠬᠠᠨ ᠨᠠᠶᠢᠵᠠ ᠰᠠᠨᠳᠠᠯᠢ ᠳᠡᠭᠡᠷ᠎ᠡ ᠨᠢᠭᠡᠮᠦᠰᠦᠨ ᠰᠣᠭᠲᠣᠭᠤᠷᠠᠵᠤ ᠭᠠᠷ ᠲᠠᠬᠢ ᠨᠣᠮ ᠢᠶᠠᠨ ᠤᠩᠰᠢᠵᠤ ᠪᠠᠶᠢᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠰᠢᠶᠠᠨ ᠤ ᠬᠡᠪᠴᠢᠶᠡᠨ ᠳᠤ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠵᠤ᠂ ᠨᠣᠮ ᠤᠩᠰᠢᠬᠤ ᠳᠠᠭᠠᠨ ᠴᠢᠳᠠᠮᠠᠭᠠᠶ︾ ᠭᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠭᠠᠶᠢᠬᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠢᠶᠠᠨ ᠤ ᠰᠣᠶᠣᠯ ᠤᠨ ᠴᠢᠨᠠᠷ ᠴᠢᠨᠰᠠᠭ᠎ᠠ ᠪᠠ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1