4 ᠳ᠋ᠦ᠋ᠭᠡᠷ ᠰᠠᠷ᠎ᠠ ᠶᠢᠨ 27 ᠤ ᠡᠳᠦᠷ᠂ ᠰᠢᠶᠠᠨ ᠤ ᠳᠡᠳ᠋ ᠳᠠᠷᠤᠭ᠎ᠠ ᠴᠢ ᠵᠢᠶᠦ᠋ᠨ ᠬᠤ᠋ ᠪᠥᠬᠦ ᠰᠢᠶᠠᠨ ᠤ | 2020 ᠣᠨ ᠤ ︽5 · 1︾ ᠤ ᠬᠤᠭᠤᠴᠠᠭᠠᠨ ᠳᠠᠬᠢ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠡᠮᠬᠢ ᠵᠢᠷᠤᠮ ᠲᠠᠢ ᠪᠠᠷ ᠬᠤᠷᠢᠭ᠎ᠠ ᠲᠠᠶᠢᠯᠬᠤ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠰᠢᠶᠠᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠭᠤᠤᠯ | ᠤᠳᠤᠷᠢᠳᠤᠯᠭ᠎ᠠ ᠵᠢᠴᠢ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ︽ᠴᠢᠩ ᠱᠦᠶ ᠾᠧ ᠰᠢᠶᠠᠨ ᠤ 2020 ᠣᠨ ᠤ ︿5 · 1﹀ ᠤ ᠬᠤᠭᠤᠴᠠᠭᠠᠨ ᠳᠠᠬᠢ | ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠡᠮᠬᠢ ᠵᠢᠷᠤᠮ ᠲᠠᠢ ᠪᠠᠷ | ᠬᠤᠷᠢᠭ᠎ᠠ ᠲᠠᠶᠢᠯᠬᠤ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠶᠢ ᠳᠠᠷᠤᠮᠠᠯᠯᠠᠨ ᠲᠠᠷᠬᠠᠭᠠᠵᠤ᠂ ᠳᠥᠷᠪᠡᠨ | ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠲᠣᠰ ᠲᠣᠰ ︽5 · 1︾ ᠶᠢᠨ ᠦᠵᠡᠮᠵᠢ ᠶᠢᠨ ᠣᠷᠣᠨ ᠤ | ᠡᠵᠡᠩᠨᠡᠯᠲᠡ ᠶᠢᠨ ᠪᠡᠯᠡᠳᠬᠡᠯ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠢᠶᠠᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠤᠷᠠᠯ ᠳᠤ | ᠣᠷᠣᠯᠴᠠᠭᠰᠠᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠡᠵᠡᠩᠨᠡᠬᠦ ᠠᠵᠢᠯ ᠤᠨ ᠲᠤᠬᠠᠶ ᠲᠣᠰ ᠲᠣᠰ ᠪᠣᠳᠠᠲᠠᠶ ᠱᠠᠭᠠᠷᠳᠠᠯᠭ᠎ᠠ ᠳᠤᠷᠠᠳᠴᠤ᠂ ᠰᠢᠶᠠᠨ ᠤ ᠳᠡᠳ᠋ | ᠳᠠᠷᠤᠭ᠎ᠠ ᠴᠢ ᠵᠢᠶᠦ᠋ᠨ ᠬᠤ᠋ ᠳ᠋ᠦᠩᠨᠡᠯᠲᠡ ᠬᠢᠵᠦ ᠴᠢᠬᠤᠯᠠᠴᠢᠯᠠᠪᠠ᠃ | ᠴᠢ ᠵᠢᠶᠦ᠋ᠨ ᠬᠤ᠋ ᠴᠢᠬᠤᠯᠠᠴᠢᠯᠠᠭᠰᠠᠨ ᠨᠢ᠄ ᠨᠢᠭᠡ ᠳᠤ᠂ ᠴᠢᠩᠭ᠎ᠠ ᠰᠡᠷᠭᠡᠶᠢᠯᠡᠵᠦ ᠦᠬᠦᠨ ᠰᠠᠬᠢᠵᠤ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠥᠭᠡᠳ ᠨᠠᠷᠢᠯᠢᠭ ᠬᠢᠨ᠎ᠠ᠃ ᠬᠤᠶᠠᠷ ᠲᠤ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠠᠮ ᠬᠠᠷᠢᠯᠴᠠᠭ᠎ᠠ᠂ ᠭᠠᠳᠠᠭᠰᠢ ᠭᠠᠷᠬᠤ᠂ ᠵᠤᠭᠠᠴᠠᠨ ᠨᠠᠭᠠᠳᠬᠤ᠂ ᠢᠳᠡᠭᠡᠨ | ᠤᠮᠳᠠᠭᠠᠨ ᠪᠠ ᠬᠤᠨᠤᠭ ᠪᠠᠭᠤᠳᠠᠯ ᠤᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠨ᠎ᠠ᠃ ᠭᠤᠷᠪᠠ ᠳᠤ | ᠦᠵᠡᠮᠵᠢ ᠶᠢᠨ ᠣᠷᠣᠨ ᠤ ᠲᠤᠬᠠᠶ ᠶᠢᠨ ᠭᠠᠵᠠᠷ ᠤᠨ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠵᠦᠶ | ᠵᠣᠬᠢᠰᠲᠠᠶ ᠪᠠᠶᠢᠷᠢᠯᠠᠭᠤᠯᠤᠨ᠂ ᠵᠢᠵᠢᠭᠦᠷᠯᠡᠨ ᠰᠠᠬᠢᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ | ᠲᠦᠷᠪᠡ ᠳᠤ ᠡᠯ᠎ᠡ ᠰᠠᠯᠠᠭ᠎ᠠ ᠮᠥᠴᠢᠷ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠬᠢᠭᠤᠯᠵᠤ | ᠬᠠᠮᠲᠤ ᠪᠠᠷ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠲᠠᠪᠤ ᠳᠤ | ᠦᠵᠡᠮᠵᠢ ᠶᠢᠨ ᠣᠷᠣᠨ ᠤ ᠬᠤᠭ ᠨᠣᠪᠰᠢ ᠶᠢ ᠲᠦᠷᠭᠡᠨ ᠰᠢᠢᠳᠪᠦᠷᠢᠯᠡᠬᠦ ᠬᠡᠷᠡᠭᠲᠡᠶ᠃ ᠵᠢᠷᠭᠤᠭ᠎ᠠ ᠳᠤ ᠡᠯ᠎ᠡ ᠰᠠᠯᠠᠭ᠎ᠠ | ᠮᠥᠴᠢᠷ ᠤᠨ ᠨᠢᠭᠡᠳᠦᠭᠡᠷ ᠹᠷᠣᠨᠲ ᠤᠨ ᠵᠢᠵᠢᠭᠦᠷᠯᠡᠨ ᠰᠠᠬᠢᠬᠤ ᠠᠵᠢᠯᠲᠠᠨ ᠤ ᠠᠷᠤ ᠲᠠᠯ᠎ᠠ ᠶᠢᠨ ᠦᠶᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠡᠢ᠃ |