ᠯᠢ ᠷᠦᠢ ᠵᠢᠶᠦ᠋ᠨ ᠯᠠᠮᠠ ᠶᠢᠨ ᠲᠣᠬᠤᠢ ᠪᠠᠯᠭᠠᠰᠤᠨ ᠤ ᠹᠠᠨ ᠱᠠᠨ ᠭᠸᠦ ᠲᠣᠰᠬᠤᠨ ᠳᠤ ᠭᠦᠨᠵᠡᠭᠡᠶᠢᠷᠡᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-04-03
     4 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠷᠦᠢ ᠵᠢᠶᠦ᠋ᠨ ᠯᠠᠮᠠ ᠶᠢᠨ ᠲᠣᠬᠤᠢ ᠪᠠᠯᠭᠠᠰᠤᠨ ᠤ ᠹᠠᠨ ᠱᠠᠨ ᠭᠸᠤ ᠲᠣᠰᠬᠤᠨ ᠤ ᠵᠥᠪᠯᠡᠯ ᠳᠤ ᠭᠦᠨᠵᠡᠭᠡᠶᠢᠷᠡᠨ ᠠᠵᠢᠯ ᠢ ᠪᠠᠶᠢᠴᠠᠭᠠᠨ ᠵᠢᠯᠣᠭᠤᠳᠪᠠ᠃      ᠯᠢ ᠷᠦᠢ ᠵᠢᠶᠦ᠋ᠨ ᠹᠠᠨ ᠱᠠᠨ ᠭᠸᠤ ᠲᠣᠰᠬᠤᠨ ᠤ ᠨᠠᠮ ᠤᠨ ᠬᠤᠷᠢᠶ᠎ᠠ ᠶᠢᠨ ᠡᠭᠦᠰᠭᠡᠨ ᠪᠠᠶᠢᠭᠤᠯᠤᠭᠰᠠᠨ ︽ᠪᠥᠬᠦ ᠲᠠᠯ᠎ᠠ ᠪᠠᠷ ᠪᠠᠲᠤ ᠴᠢᠩᠭ᠎ᠠ᠂ ᠡᠮᠦᠨ᠎ᠡ ᠡᠩᠨᠡᠭᠡᠨ ᠳᠤ ᠶᠠᠪᠤᠬᠤ︾ ᠠᠵᠢᠯ ᠤᠨ ᠳᠤᠮᠳᠠᠬᠢ ᠡᠯ᠎ᠡ ᠵᠦᠶᠯ ᠤᠨ ᠡᠭᠦᠷᠭᠡ᠂ ᠠᠰᠠᠭᠤᠳᠠᠯ ᠤᠨ ᠨᠠᠷᠢᠨ ᠲᠠᠩᠰᠠ᠂ ᠲᠣᠰ ᠭᠠᠷᠠᠭ ᠤᠨ ᠲᠥᠯᠥᠪᠯᠡᠭᠡ᠂ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠠᠵᠢᠯ ᠤᠨ ᠠᠭᠤᠯᠭ᠎ᠠ ᠶᠢᠨ ᠲᠤᠬᠠᠶ ᠣᠶᠢᠯᠠᠭᠠᠭᠰᠠᠨ ᠪᠥᠭᠡᠳ ᠣᠨᠳᠣᠤ ᠭᠠᠵᠠᠷ ᠲᠤ ᠨᠡᠭᠦᠯᠭᠡᠭᠰᠡᠨ ᠪᠠᠶᠢᠳᠠᠯ᠂ ᠤᠰᠤ ᠤᠮᠳᠠ ᠶᠢᠨ ᠠᠶᠦᠯ ᠦᠭᠡᠢ ᠪᠠᠶᠢᠳᠠᠯ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ᠂ ᠵᠠᠰᠠᠭ ᠵᠠᠬᠢᠷᠭᠠᠨ ᠤ ᠲᠣᠰᠬᠤᠨ ᠤ ᠴᠢᠮᠡᠭᠡ ᠬᠤᠯᠪᠣᠭᠠᠨ ᠤ ᠳᠣᠬᠢᠶ᠎ᠠ ᠪᠠᠭᠤᠷᠠᠶ ᠪᠠᠶᠢᠬᠤ ᠵᠡᠷᠭᠡ ᠠᠰᠠᠭᠤᠳᠠᠯ ᠤᠨ ᠲᠤᠬᠠᠶ ᠨᠠᠷᠢᠨ ᠪᠠᠶᠢᠴᠠᠭᠠᠨ ᠰᠤᠳᠤᠯᠤᠯᠲᠠ ᠬᠢᠵᠦ᠂ ᠵᠢᠯᠣᠭᠤᠳᠬᠤ ᠴᠢᠨᠠᠷᠲᠠᠶ ᠰᠠᠨᠠᠭᠤᠯᠭ᠎ᠠ ᠭᠠᠷᠭᠠᠪᠠ᠃      ᠳᠡᠭᠡᠭᠰᠢ ᠮᠡᠳᠡᠭᠦᠯᠦᠭᠰᠡᠨ ᠬᠡᠰᠡᠭ ᠠᠰᠠᠭᠤᠳᠠᠯ ᠤᠨ ᠲᠤᠬᠠᠶ ᠯᠢ ᠷᠦᠢ ᠵᠢᠶᠦ᠋ᠨ ᠢᠯᠡᠷᠬᠡᠶᠢᠯᠡᠬᠦ ᠳᠡᠭᠡᠨ᠂ ᠰᠢᠶᠠᠨ  ᠤ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠣᠬᠢᠴᠠᠭᠤᠯᠬᠤ ᠶᠢ ᠳᠡᠮᠵᠢᠵᠦ ᠪᠠᠶᠢᠭᠠᠳ ᠰᠢᠢᠳᠪᠦᠷᠢᠯᠡᠨ᠎ᠡ ᠭᠡᠵᠡᠶ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1