ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠴᠢᠩ ᠱᠦᠶ ᠾᠧ ᠰᠢᠶᠠᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-09
     ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ  ᠶᠢᠨ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ‌‍ᠰᠢᠯᠭᠠᠵᠤ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠴᠢᠨᠠᠭᠰᠢᠳᠠ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠶᠢᠨ ᠳᠤᠰᠠᠳᠠ᠂ 4 ᠳ᠋ᠦ᠋ᠭᠡᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠴᠢᠩ ᠱᠦᠢ ᠾᠧ ᠰᠢᠶᠠᠨ ᠳᠤ ᠬᠦᠷᠴᠦ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠮᠧᠩ ᠴᠢᠩ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠴᠢᠩ ᠱᠦᠶ ᠾᠧ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ᠂ ᠰᠢᠶᠠᠨ ᠤ ᠪᠠᠷᠠᠭᠠᠨ  ᠤ ᠭᠦᠶᠯᠭᠡᠭᠡᠨ ᠤ ᠬᠥᠮᠥᠷᠭᠡᠯᠡᠨ ᠬᠠᠳᠠᠭᠠᠯᠠᠬᠤ ᠬᠤᠪᠢᠶᠠᠷᠢᠯᠠᠬᠤ ᠲᠥᠪ᠂ ᠶᠣᠣ ᠭᠸᠦ ᠰᠢᠶᠠᠩ ᠤᠨ ᠾᠧᠦ ᠵᠢᠶᠠ ᠭᠧ ᠳ᠋ᠦᠩ ᠤᠨ ᠲᠣᠰᠬᠤᠨ ᠤ ᠱᠠᠲᠤᠨ ᠤ ᠦᠶᠯᠡᠴᠢᠯᠡᠭᠡᠨ ᠤ ᠥᠷᠲᠡᠭᠡ᠂ ᠶᠣᠣ ᠭᠸᠦ ᠶᠢᠨ ᠳ᠋ᠠ ᠱᠠ ᠸᠠᠨ ᠤ ᠲᠣᠰᠬᠤᠨ ᠤ ᠱᠠᠲᠤᠨ ᠤ ᠦᠶᠯᠡᠴᠢᠯᠡᠭᠡᠨ ᠤ ᠥᠷᠲᠡᠭᠡ᠂ ᠯᠣᠤ ᠨᠢᠤ ᠸᠠᠨ ᠪᠠᠯᠭᠠᠰᠤᠨ ᠤ ᠳ᠋ᠠᠨ ᠲᠠᠢ ᠽᠢ ᠶᠢᠨ ᠲᠣᠰᠬᠤᠨ ᠤ ᠱᠠᠲᠤᠨ  ᠤ ᠦᠶᠯᠡᠴᠢᠯᠡᠭᠡᠨ ᠤ ᠥᠷᠲᠡᠭᠡ ᠳᠤ ᠭᠦᠨᠵᠡᠭᠡᠶᠢᠷᠡᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠭᠤᠣᠯᠳᠠᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ᠂ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠦᠷᠲᠡᠭᠡ ᠶᠢᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠵᠢᠭᠠᠨ ᠵᠢᠯᠣᠭᠤᠳᠴᠤ ᠰᠢᠮᠳᠠᠭᠤᠯᠪᠠ᠃ ᠡᠭᠦᠨ  ᠤ ᠬᠠᠮᠲᠤ᠂ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ — ᠯᠣᠣ ᠨᠢᠤ ᠸᠠᠨ ᠪᠠᠯᠭᠠᠰᠤᠨ ᠤ ᠳ᠋ᠠᠨ ᠲᠠᠢ ᠽᠢ ᠲᠤᠰᠬᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠲᠤᠰ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ᠂ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠴᠠᠢ᠃      ᠮᠧᠩ ᠴᠢᠩ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ︽ᠠᠳᠠᠯ ᠦᠶᠯᠡᠰ ᠴᠣᠭᠴᠠᠯᠠᠭᠴᠢ ᠶᠢᠨ ᠲᠥᠪ + ᠬᠤᠷᠰᠢᠶ᠎ᠠ + ᠮᠧᠩ ᠴᠢᠩ ᠬᠤᠯᠢᠮᠠᠭ ᠠᠮᠤ + ᠲᠠᠷᠢᠶᠠᠯᠠᠩ ᠤᠨ ᠬᠥᠭᠦᠷᠭᠡ ᠶᠢᠨ ᠡᠯᠧᠺᠲᠷᠣᠨ ᠬᠤᠳᠠᠯᠳᠤᠭ᠎ᠠ︾  ᠶᠢᠨ ᠵᠠᠭᠪᠤᠷ ᠢ ᠲᠠᠨᠢᠯᠴᠠᠭᠤᠯᠪᠠ᠃ ᠲᠣᠰ ᠵᠠᠭᠪᠤᠷ ᠨᠢ ᠡᠯᠧᠺᠲᠷᠣᠨ ᠬᠤᠳᠠᠯᠳᠤᠭᠠᠨ ᠤ ᠲᠣᠰᠬᠤᠨ ᠤ ᠱᠠᠲᠤᠨ ᠤ ᠦᠶᠯᠡᠴᠢᠯᠡᠭᠡᠨ ᠤ ᠥᠷᠲᠡᠭᠡ ᠳᠤ ᠭᠦᠶᠴᠡᠳ ᠲᠦᠰᠢᠭᠯᠡᠨ ᠪᠥᠬᠦ ᠰᠢᠶᠠᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠡᠮᠬᠢᠯᠡᠵᠦ᠂ ᠬᠠᠮᠲᠤᠷᠠᠯᠠᠬᠤ ᠬᠦᠰᠡᠯ ᠰᠠᠨᠠᠭ᠎ᠠ ᠲᠠᠢ ᠲᠠᠷᠢᠶᠠᠴᠢᠨ ᠡᠷᠦᠬᠡ ᠶᠢ ᠰᠢᠯᠢᠨ ᠰᠣᠩᠭᠤᠵᠤ ᠮᠡᠷᠭᠡᠵᠢᠯ᠂ ᠲᠠᠷᠢᠶᠠᠯᠠᠩ ᠤᠨ ᠬᠡᠷᠡᠭᠰᠡᠯ ᠵᠡᠷᠭᠡ ᠶᠢᠨ ᠬᠠᠨᠳᠤᠯᠭᠠᠲᠤ ᠴᠢᠨᠠᠷᠲᠠᠶ ᠬᠠᠪᠰᠤᠷᠤᠯᠭ᠎ᠠ ᠪᠠ ᠦᠶᠯᠡᠴᠢᠯᠡᠭᠡ ᠬᠢᠯᠭᠡᠵᠦ᠂ ᠲᠠᠷᠢᠮᠠᠯ ᠤᠨ ᠡᠷᠦᠬᠡ ᠯᠦᠭᠡ ᠵᠠᠬᠢᠶᠠᠯᠠᠭ᠎ᠠ ᠶᠢᠨ ᠬᠠᠮᠲᠤᠷᠠᠯᠴᠠᠭ᠎ᠠ — ᠬᠤᠳᠠᠯᠳᠤᠨ ᠠᠪᠴᠤ ᠡᠳ᠋ᠰᠢᠭᠦᠯᠬᠦ — ᠰᠦᠯᠵᠢᠶᠡᠨ ᠪᠠᠷᠠᠭ᠎ᠠ ᠶᠢ ᠨᠡᠭᠡᠭᠡᠨ ᠠᠰᠢᠭᠯᠠᠬᠤ — ᠡᠯᠧᠺᠲᠷᠣᠨ ᠬᠤᠳᠠᠯᠳᠤᠭᠠᠨ ᠤ ᠲᠠᠪᠴᠠᠩ ᠳᠡᠭᠡᠷ᠎ᠡ ᠬᠤᠳᠠᠯᠳᠤᠬᠤ ᠠᠷᠭ᠎ᠠ ᠮᠠᠶ᠋ᠢᠭ ᠢ ᠠᠪᠴᠤ᠂ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠶᠠᠪᠤᠭᠤᠯᠬᠤ ᠵᠠᠮ ᠢ ᠪᠦᠲᠦᠮᠵᠢᠲᠡᠶ ᠨᠡᠪᠲᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠧᠩ ᠴᠢᠩ ᠺᠣᠮᠫᠠᠨᠢ ᠶᠢᠨ ᠶᠠᠳᠠᠭᠤ ᠶᠢ ᠲᠡᠳᠬᠦᠬᠦ ᠵᠠᠭᠪᠤᠷ ᠢ ᠨᠤᠲᠠᠯᠠᠵᠤ᠂ ᠠᠵᠤ ᠠᠬᠤᠶᠢᠯᠠᠯ ᠨᠢ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠪᠤᠰᠤᠳ ᠬᠤᠰᠢᠭᠤ ᠰᠢᠶᠠᠨ ᠢ ᠳᠠᠭᠤᠷᠢᠶᠠᠨ ᠳᠡᠯᠭᠡᠷᠡᠭᠦᠯᠬᠦ ᠳᠤ ᠬᠠᠩᠭᠠᠵᠤ ᠪᠣᠯᠬᠤ ᠵᠠᠭᠪᠤᠷ ᠢ ᠪᠦᠷᠢᠯᠳᠦᠭᠦᠯᠵᠦ᠂ ᠨᠠᠩ ᠣᠯᠠᠨ ᠲᠥᠯᠥᠭᠡᠯᠡᠬᠦ ᠴᠢᠨᠠᠷᠲᠠᠶ ᠰᠦᠯᠵᠢᠶ᠎ᠡ ᠪᠠᠷ ᠪᠣᠷᠣᠯᠠᠭᠤᠯᠬᠤ ᠶᠠᠳᠠᠭᠤ ᠶᠢ ᠲᠡᠳᠬᠦᠬᠦ ᠦᠢᠯᠡᠳᠬᠦᠨ ᠢ ᠪᠠᠶᠢᠭᠤᠯᠬᠤ ᠶᠢᠨ ᠬᠠᠮᠲᠤ ᠳᠡᠭᠡᠳᠦ ᠳᠣᠤᠷᠠᠳᠤ ᠤᠷᠤᠰᠬᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠴᠢᠩ ᠱᠦᠶ ᠾᠧ ᠶᠢᠨ ᠬᠤᠯᠢᠮᠠᠭ ᠠᠮᠤ ᠶᠢᠨ ᠬᠠᠩᠭᠠᠯᠭ᠎ᠠ ᠬᠡᠷᠡᠭᠴᠡᠭᠡ ᠶᠢᠨ ᠬᠡᠯᠬᠢᠶ᠎ᠡ ᠶᠢᠨ ᠰᠢᠰᠲ᠋ᠧᠮᠵᠢ ᠶᠢ ᠪᠠᠶᠢᠭᠤᠯᠬᠤ ᠶᠢ ᠬᠦᠰᠡᠵᠦ ᠪᠠᠶᠢᠨ᠎ᠠ᠃      ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ ᠶᠢ ᠪᠠᠶᠢᠴᠠᠭᠠᠨ ᠰᠤᠳᠤᠯᠬᠤ ᠳᠠᠭᠠᠨ᠂ ᠥᠷᠲᠡᠭᠡ ᠴᠡᠭ ᠤᠨ ᠡᠵᠡᠩᠨᠡᠯᠲᠡ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠵᠢᠴᠢ ᠠᠵᠢᠯ ᠤᠨ ᠡᠬᠡ ᠲᠠᠩᠰᠠ ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠶᠯᠡᠴᠢᠯᠡᠭᠡ ᠰᠠᠶᠢᠲᠠᠢ ᠥᠷᠲᠡᠭᠡ ᠴᠡᠭ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠥᠯᠢᠭᠡᠷ ᠬᠡᠪ ᠤᠨ ᠥᠷᠲᠡᠭᠡ ᠴᠡᠭ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠷ ᠴᠢᠩᠭ᠎ᠠ ᠪᠤᠰᠤ᠂ ᠡᠬᠡ ᠳᠠᠩᠰᠠ ᠪᠠᠶᠢᠭᠤᠯᠤᠭᠰᠠᠨ ᠨᠢ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠭ᠎ᠠ ᠥᠷᠲᠡᠭᠡ ᠴᠡᠭ ᠲᠤ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠣᠳᠣᠬᠠᠨ ᠪᠣᠯᠲᠠᠯ᠎ᠠ᠂ ᠴᠢᠩ ᠱᠦᠶ ᠾᠧ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠣᠤᠷ ᠰᠦᠯᠵᠢᠶ᠎ᠡ ᠦᠨᠳᠦᠰᠦᠨ  ᠳᠡᠭᠡᠨ ᠪᠦᠷᠢᠯᠳᠦᠵᠦ᠂ ᠰᠢᠶᠠᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ  ᠤ ᠲᠥᠪ 1᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠥᠪ 1᠂ ᠲᠣᠰᠬᠤᠨ  ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ 55 ᠪᠠᠶᠢᠭᠤᠯᠵᠤ᠂ ᠪᠦᠷᠬᠦᠴᠡ ᠶᠢᠨ ᠨᠣᠷᠮ᠎ᠠ ᠶᠢ 50% ᠠᠴᠠ ᠳᠡᠭᠡᠭᠰᠢ ᠬᠦᠷᠪᠡ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠪᠰᠤᠷᠤᠨ ᠲᠡᠳᠬᠦᠬᠦ ᠲᠣᠰᠬᠤᠨ — ᠯᠣᠤ ᠨᠢᠤ ᠸᠠᠨ ᠪᠠᠯᠭᠠᠰᠤᠨ ᠤ ᠳ᠋ᠠᠨ ᠲᠠᠢ ᠽᠢ ᠲᠣᠰᠬᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠣᠯᠣᠨ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠮᠠᠨ ᠤ ᠲᠣᠪᠴᠢᠶ᠎ᠠ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠲᠠᠢ ᠲᠤᠬᠠᠶ ᠶᠢᠨ ᠭᠠᠵᠠᠷ ᠤᠨ ᠶᠠᠳᠠᠭᠤ ᠶᠢ ᠲᠡᠳᠬᠦᠬᠦ ᠠᠵᠢᠯ  ᠤᠨ ᠲᠣᠭᠤᠷᠢᠨ ᠳᠤ ᠥᠷᠨᠢᠭᠦᠯᠦᠭᠰᠡᠨ ᠪᠠᠶᠢᠳᠠᠯ᠂ ᠶᠠᠳᠠᠭᠤ ᠬᠦᠴᠢᠷᠳᠡᠯᠲᠡᠶ ᠡᠷᠦᠬᠡ ᠶᠢᠨ ᠪᠠᠶᠢᠳᠠᠯ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠠᠭᠪᠤᠷ ᠵᠢᠴᠢ ᠠᠵᠤ ᠦᠶᠯᠡᠰ ᠢᠶᠠᠷ ᠶᠠᠳᠠᠭᠤ ᠶᠢ ᠲᠡᠳᠬᠦᠭᠰᠡᠨ ᠪᠠᠶᠢᠳᠠᠯ ᠵᠡᠷᠭᠡ ᠶᠢ ᠪᠠᠭᠲᠠᠭᠠᠭᠰᠠᠨ ᠠᠭᠤᠯᠭ᠎ᠠ ᠶᠢᠨ ᠲᠤᠬᠠᠢ ᠪᠣᠳᠠᠲᠠᠶ ᠣᠶᠢᠯᠠᠭᠠᠯᠲᠠ ᠪᠠ ᠰᠣᠯᠢᠯᠴᠠᠭ᠎ᠠ ᠬᠢᠭᠰᠡᠨ ᠪᠥᠭᠡᠳ ᠲᠤᠬᠠᠶ ᠶᠢᠨ ᠭᠠᠵᠠᠷ ᠤᠨ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ  ᠶᠢᠨ ᠡᠵᠡᠩᠨᠡᠯᠲᠡ ᠵᠢᠴᠢ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠤ ᠪᠣᠳᠠᠲᠠᠶ ᠰᠠᠨᠠᠭᠤᠯᠭ᠎ᠠ ᠳᠤᠷᠠᠳᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠬᠤᠰᠢᠭᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠣᠭᠤᠷᠢᠨ ᠳᠤ᠂ ᠬᠤᠰᠢᠭᠤ ᠰᠢᠶᠠᠨ ᠤ ᠣᠯᠠᠨ ᠨᠡᠶᠢᠲᠡ ᠶᠢᠨ ᠨᠠᠷᠠᠲᠤ ᠲᠡᠮᠳᠡᠭᠲᠦ  ᠶᠢ ᠪᠣᠶᠢᠵᠢᠭᠤᠯᠬᠤ ᠪᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠠᠯ᠎ᠠ ᠪᠠᠷ ᠬᠦᠴᠦ ᠲᠠᠯᠪᠢᠵᠤ᠂ ᠮᠠᠨ ᠤ ᠬᠤᠲᠠ ᠶᠢᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠪᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠤᠨ ᠶᠠᠰᠤ ᠴᠢᠨᠠᠷ ᠢ ᠪᠥᠬᠦ ᠬᠦᠴᠦᠨ ᠢᠶᠠᠷ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1