| | | | | | | ᠡᠨᠡ ᠵᠢᠯ ᠤᠨ 4 ᠳ᠋ᠦ᠋ᠭᠡᠷ ᠰᠠᠷ᠎ᠠ ᠶᠢᠨ 7 ᠤ ᠡᠳᠦᠷ ᠪᠣᠯ 71 ᠳ᠋ᠦ᠋ᠭᠡᠷ ︽ᠳᠡᠯᠡᠬᠡᠶ ᠶᠢᠨ ᠡᠷᠡᠭᠦᠯ ᠬᠠᠮᠠᠭᠠᠯᠠᠯ | ᠤᠨ ᠡᠳᠦᠷ︾ ᠪᠣᠯᠤᠨ᠎ᠠ᠂ ᠮᠠᠨ ᠤ ᠰᠢᠶᠠᠨ ᠥᠷᠭᠡᠨ ᠣᠯᠠᠨ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠵᠤ ︽ | ᠳᠡᠯᠡᠬᠡᠶ ᠶᠢᠨ ᠡᠷᠡᠭᠦᠯ ᠬᠠᠮᠠᠭᠠᠯᠠᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ᠳᠡᠯᠡᠬᠡᠶ ᠶᠢᠨ ᠡᠷᠡᠭᠦᠯ ᠬᠠᠮᠠᠭᠠᠯᠠᠯ ᠤᠨ ᠡᠳᠦᠷ ᠤᠨ ᠭᠤᠤᠯ ᠰᠡᠳᠦᠪ | ᠪᠣᠯ 《 ᠰᠤᠪᠢᠯᠠᠭᠴᠢ ᠪᠠ ᠡᠬᠡ ᠪᠠᠷᠢᠭᠴᠢ ᠶᠢ ᠳᠡᠮᠵᠢᠬᠦ 》 ᠪᠣᠯᠤᠨ᠎ᠠ᠃ ᠮᠠᠨ ᠤ ᠤᠯᠤᠰ ᠤᠨ ᠲᠣᠭᠲᠠᠭᠠᠭᠰᠠᠨ | ᠤᠬᠠᠭᠤᠯᠭ᠎ᠠ ᠶᠢᠨ ᠭᠤᠤᠯ ᠰᠡᠳᠦᠪ ᠪᠣᠯ ︽ᠡᠮᠴᠢ ᠰᠤᠪᠢᠯᠠᠭᠴᠢ ᠳᠤ ᠶᠣᠰᠣᠯᠠᠵᠤ᠂ ᠬᠢᠵᠢᠭ ᠤᠨ ᠪᠠᠶᠢᠳᠠᠯ ᠢ ᠬᠠᠮᠲᠤ | ᠪᠠᠷ ᠡᠰᠡᠷᠭᠦᠴᠡᠬᠦ︾ ᠪᠣᠯᠤᠨ᠎ᠠ᠃ | ᠠᠵᠢᠯᠯᠠᠭ᠎ᠠ ᠶᠢᠨ ᠳᠤᠮᠳᠠ᠂ ᠰᠢᠶᠠᠨ ᠤ ᠡᠮᠨᠡᠯᠭᠡ ᠶᠢᠨ ᠬᠤᠷᠢᠶ᠎ᠠ ᠥᠷᠭᠡᠨ ᠣᠯᠠᠨ ᠡᠮᠨᠡᠯᠭᠡ ᠶᠢᠨ ᠠᠵᠢᠯᠲᠠᠨ ᠢ | ᠵᠣᠬᠢᠶᠠᠨ ᠪᠠᠶᠢᠭᠤᠯᠵᠤ ᠡᠮᠨᠡᠯᠭᠡ ᠳᠤ ᠰᠠᠭᠤᠭᠰᠠᠨ ᠡᠪᠡᠳᠴᠢᠲᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠡᠪᠡᠳᠴᠢᠲᠡᠨ ᠤ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ︾ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ᠂ | ᠠᠵᠢᠯᠯᠠᠭ᠎ᠠ ᠨᠢ ᠪᠠᠰᠠ ᠬᠥᠨᠳᠡᠯᠡᠨ ᠪᠢᠴᠢᠭᠡᠰᠦ ᠪᠠ ᠷᠠᠳᠢᠣ᠋ ᠨᠡᠪᠲᠡᠷᠡᠭᠦᠯᠭᠡ ᠶᠢ ᠡᠯᠭᠦᠬᠦ ᠬᠡᠯᠪᠡᠷᠢ ᠪᠠᠷ᠂ ᠰᠠᠭᠤᠭᠠᠯᠢ | ᠠᠷᠠᠳ ᠤᠨ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠤᠬᠠᠮᠰᠠᠷ ᠢ ᠪᠣᠶ ᠪᠣᠯᠭᠠᠵᠤ᠂ ᠡᠷᠡᠭᠦᠯ ᠮᠡᠨᠳᠦ ᠡᠷᠡᠭᠦᠯ | ᠬᠠᠮᠠᠭᠠᠯᠠᠯ ᠤᠨ ᠦᠶᠯᠡ ᠠᠵᠢᠯᠯᠠᠭ᠎ᠠ ᠶᠢ ᠪᠣᠶ ᠪᠣᠯᠭᠠᠬᠤ ᠶᠢ ᠰᠠᠨᠠᠭᠠᠴᠢᠯᠠᠪᠠ᠃ ᠰᠢᠶᠠᠨ ᠤ ᠡᠷᠡᠭᠦᠯ ᠬᠠᠮᠠᠭᠠᠯᠠᠯ ᠪᠠ | ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠪᠡᠳᠴᠢᠨ | ᠦᠵᠡᠭᠦᠯᠬᠦ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠤᠲᠠ ᠶᠢᠨ ᠡᠮᠨᠡᠯᠭᠡ ᠶᠢᠨ ᠬᠤᠷᠢᠶᠠᠨ ᠤ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠥᠷᠭᠡᠨ ᠣᠯᠠᠨ ᠰᠠᠭᠤᠭᠠᠯᠢ ᠠᠷᠠᠳ ᠲᠤ ᠰᠦᠶᠳᠬᠡᠯ ᠬᠤᠷᠢᠶᠠᠬᠤ ᠦᠭᠡᠢ | ᠪᠠᠷ ᠡᠮᠴᠢᠯᠡᠭᠡᠨ ᠤ ᠣᠨᠣᠰᠢᠯᠠᠭ᠎ᠠ ᠶᠢᠨ ᠦᠶᠯᠡᠴᠢᠯᠡᠭᠡ ᠬᠠᠩᠭᠠᠵᠤ᠂ ᠴᠢᠰᠤᠨ ᠳᠠᠷᠤᠯᠲᠠ ᠶᠢ ᠬᠡᠮᠵᠢᠨ᠂ ᠦᠷᠭᠦᠯᠵᠢ | ᠲᠣᠬᠢᠶᠠᠯᠳᠤᠳᠠᠭ ᠡᠪᠡᠳᠴᠢᠨ ᠤ ᠠᠩᠬᠠᠷᠬᠤ ᠵᠦᠶᠯᠡᠰ ᠵᠢᠴᠢ ᠤᠷᠢᠳᠴᠢᠯᠠᠨ ᠰᠡᠷᠭᠡᠶᠢᠯᠡᠵᠦ ᠡᠮᠨᠡᠨ ᠵᠠᠰᠠᠬᠤ ᠪᠠ | ᠡᠳᠡᠭᠡᠷᠡᠭᠰᠡᠨ ᠤ ᠳᠠᠷᠠᠭ᠎ᠠ ᠠᠷᠠᠴᠢᠯᠠᠵᠤ ᠬᠠᠮᠠᠭᠠᠯᠠᠬᠤ ᠵᠡᠷᠭᠡ ᠦᠨᠳᠦᠰᠦᠨ ᠡᠮᠴᠢᠯᠡᠭᠡᠨ ᠤ ᠮᠡᠳᠡᠯᠭᠡ ᠶᠢ ᠬᠦᠯᠢᠴᠡᠩᠭᠦᠶ | ᠪᠠᠷ ᠬᠦᠯᠢᠶᠡᠨ ᠠᠪᠤᠭᠰᠠᠨ ᠪᠠᠶᠢᠨ᠎ᠠ᠃ | ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠰᠢ | ᠤᠷᠤᠭᠰᠢᠯᠠᠨ᠎ᠠ᠃ ᠣᠷᠳᠣ ᠬᠤᠭᠤᠴᠠᠭᠠᠨ ᠤ ᠲᠤᠷᠰᠢ᠂ ᠮᠠᠨ ᠤ ᠰᠢᠶᠠᠨ ᠡᠮ ᠡᠮᠨᠡᠯᠭᠡ ᠶᠢᠨ ᠦᠶᠯᠡᠴᠢᠯᠡᠭᠡᠨ ᠤ ᠶᠠᠰᠤ | ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ | ᠪᠠᠷ ᠴᠢᠷᠮᠠᠶᠢᠵᠤ ᠪᠤᠢ᠃ | |