5 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠰᠢᠶᠠᠩ | ᠪᠠᠯᠭᠠᠰᠤᠨ ᠤ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠬᠤᠷᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠬᠤᠷᠠᠯ ᠠᠴᠠ 4 ᠳ᠋ᠦ᠋ᠭᠡᠷ ᠰᠠᠷ᠎ᠠ ᠶᠢᠨ 29 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠬᠤᠷᠠᠯᠳᠤᠭᠤᠯᠤᠭᠰᠠᠨ ᠰᠤᠮᠤ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠸᠢᠳᠢᠣ᠋ ᠪᠣᠯᠪᠠᠰᠤᠷᠠᠭᠤᠯᠤᠯ ᠤᠨ ᠬᠤᠷᠠᠯ ᠤᠨ ᠬᠠᠮᠢᠶ᠎ᠠ ᠪᠥᠬᠦᠶ ᠵᠣᠷᠢᠭ ᠰᠠᠨᠠᠭ᠎ᠠ᠂ ᠬᠤᠲᠠ ᠶᠢᠨ | ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠤᠬᠠᠶ | ᠬᠠᠮᠢᠶ᠎ᠠ ᠪᠥᠬᠦᠶ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ︔ ᠰᠢᠶᠠᠨ ᠤ ᠨᠠᠮ ᠤᠨ ᠬᠤᠷᠢᠶ᠎ᠠ ᠶᠢᠨ ᠱᠦᠵᠢ | ᠶᠦᠨ ᠯᠢᠨ ᠴᠢᠶᠦ᠋ᠩ ᠨᠥᠬᠦᠷ ᠤᠨ ᠰᠢᠶᠠᠩ ᠪᠠᠯᠭᠠᠰᠤᠨ ᠤ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠤᠬᠠᠶ ᠴᠣᠬᠤᠯᠠᠪᠤᠷ ᠶᠢᠨ ᠵᠣᠷᠢᠭ ᠰᠠᠨᠠᠭ᠎ᠠ ᠶᠢ | ᠤᠯᠠᠮᠵᠢᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ | ᠰᠢᠶᠠᠩ ᠪᠠᠯᠭᠠᠰᠤᠨ ᠤ ᠥᠭᠡᠷᠡᠴᠢᠯᠡᠯᠲᠡ ᠪᠣᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠣᠷᠣᠨ | ᠲᠤᠭ᠎ᠠ ᠶᠢᠨ ᠠᠯᠪᠠᠨ ᠭᠡᠷ ᠳᠡᠭᠡᠳᠦ ᠱᠠᠲᠤ ᠯᠤᠭ᠎ᠠ ᠵᠣᠯᠭᠠᠭᠤᠯᠬᠤ᠂ ᠳᠣᠣᠷᠠᠳᠤ ᠱᠠᠲᠤ ᠶᠢ ᠰᠢᠮᠳᠠᠭᠤᠯᠤᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠠᠵᠢᠯ ᠢ ᠰᠢᠮᠳᠠᠭᠤᠯᠤᠨ ᠵᠢᠯᠣᠭᠤᠳᠬᠤ ᠬᠡᠷᠡᠭᠲᠡᠶ᠃ ᠡᠯ᠎ᠡ ᠰᠢᠶᠠᠩ | ᠪᠠᠯᠭᠠᠰᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠤᠬᠠᠮᠰᠠᠷ ᠢ ᠪᠣᠶ ᠪᠣᠯᠭᠠᠵᠤ᠂ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠴᠠᠭ | ᠬᠤᠭᠤᠴᠠᠭ᠎ᠠ ᠶᠣᠰᠣᠭᠠᠷ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠢ ᠴᠢᠨᠠᠷ ᠰᠠᠶᠢᠲᠠᠶ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠳᠤ ᠠᠵᠢᠯ ᠤᠨ ᠡᠬᠡ ᠲᠠᠩᠰᠠ ᠪᠠᠶᠢᠭᠤᠯᠬᠤ ᠠᠷᠭ᠎ᠠ ᠬᠡᠯᠪᠡᠷᠢ ᠪᠠᠷ ᠣᠳᠣᠬᠠᠨ ᠤ ᠪᠥᠬᠦ ᠰᠢᠶᠠᠨ ᠤ | ᠰᠢᠶᠠᠩ ᠪᠠᠯᠭᠠᠰᠤ ᠶᠢᠨ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠠᠵᠢᠯ ᠢ ᠪᠠᠶᠢᠷᠢᠯᠠᠭᠤᠯᠪᠠ᠃ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠲᠤᠰ ᠭᠠᠵᠠᠷ ᠣᠷᠣᠨ᠂ ᠲᠤᠰ ᠬᠦᠷᠢᠶᠡᠨ ᠤ ᠥᠭᠡᠷᠡᠴᠢᠯᠡᠯᠲᠡ ᠶᠢᠨ | ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠶᠢᠨ ᠲᠤᠬᠠᠢ ᠬᠠᠷᠢᠭᠤ | ᠮᠡᠳᠡᠭᠦᠯᠦᠯᠲᠡ ᠬᠢᠵᠦ ᠰᠣᠯᠢᠯᠴᠠᠪᠠ᠃ | ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ | ᠣᠷᠣᠨ ᠲᠤᠭ᠎ᠠ ᠶᠢᠨ ᠠᠯᠪᠠᠨ ᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ |