ᠴᠢᠩ ᠱᠦᠶ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠤᠰᠬᠠᠶ ᠰᠢᠮᠳᠠᠭᠤᠯᠤᠨ ᠵᠢᠯᠣᠭᠤᠳᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-05-12
     ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠵᠤ︾ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠰᠢᠶᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠲᠤᠰᠠᠳᠠ᠂ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠴᠢᠩ ᠱᠦᠶ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠳᠤᠭᠤᠶᠢᠯᠠᠩ ᠳᠠᠭᠠᠭᠤᠯᠤᠨ ᠳᠥᠷᠪᠡᠨ ᠳᠤᠭᠤᠶᠢᠯᠠᠩ ᠬᠤᠪᠢᠶᠠᠨ 11 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠪᠠ 1 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ᠂ ᠲᠦᠷᠦᠭᠦᠤ ᠨᠢᠭᠡ ᠬᠤᠭᠤᠴᠠᠭᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠬᠢᠨᠠᠨ ᠵᠢᠯᠣᠭᠤᠳᠤᠯᠭ᠎ᠠ ᠶᠢ ᠡᠷᠭᠢᠵᠦ ᠦᠵᠡᠪᠡ᠃      ᠲᠣᠰ ᠤᠳᠠᠭ᠎ᠠ ᠪᠥᠬᠦ ᠰᠢᠶᠠᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠰᠢᠮᠳᠠᠭᠤᠯᠤᠨ ᠵᠢᠯᠣᠭᠤᠳᠤᠯᠭ᠎ᠠ ᠳᠤ ᠭᠤᠤᠯᠳᠠᠭᠤ ᠡᠬᠡ ᠲᠠᠩᠰᠠ ᠬᠢᠭᠡᠳ ᠬᠥᠳᠡᠯᠦᠩᠭᠦᠶ ᠰᠢᠰᠲ᠋ᠧᠮ ᠢ ᠬᠠᠷᠭᠤᠭᠤᠯᠵᠤ᠂ ᠪᠠᠷᠢᠮᠵᠢᠶ᠎ᠠ ᠳᠤ ᠬᠦᠷᠭᠡᠵᠦ᠂ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠵᠤ᠂ ᠡᠷᠦᠬᠡ ᠳᠤ ᠣᠷᠣᠵᠤ ᠲᠤᠰᠬᠠᠢ ᠪᠠᠶᠢᠴᠠᠭᠠᠯᠲᠠ ᠬᠢᠵᠦ᠂ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ᠂ ᠡᠮ ᠡᠮᠨᠡᠯᠭᠡ ᠡᠷᠡᠭᠦᠯ ᠮᠡᠨᠳᠦ ᠶᠢᠨ ᠬᠥᠮᠦᠵᠢᠯ ᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠢ ᠠᠬᠢᠭᠤᠯᠵᠤ᠂ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ ᠤᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠪᠴᠠᠩ ᠳᠤ ᠣᠷᠣᠭᠤᠯᠤᠭᠰᠠᠨ ᠪᠠᠶᠢᠳᠠᠯ ᠵᠡᠷᠭᠡ ᠠᠵᠢᠯ ᠢ ᠪᠥᠬᠦ ᠲᠠᠯ᠎ᠠ ᠪᠠᠷ ᠬᠢᠨᠠᠨ ᠵᠢᠯᠣᠭᠤᠳᠴᠤ ᠪᠠᠶᠢᠴᠠᠭᠠᠪᠠ᠃ ᠡᠭᠦᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠰᠢᠮᠳᠠᠭᠤᠯᠤᠨ ᠵᠢᠯᠣᠭᠤᠳᠬᠤ ᠰᠠᠨᠠᠯ ᠤᠨ ᠪᠢᠴᠢᠭ ᠪᠠᠭᠤᠯᠭᠠᠪᠠ᠃      ᠬᠢᠨᠠᠨ ᠵᠢᠯᠣᠭᠤᠳᠴᠤ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠠᠬᠢᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠥᠨᠴᠥᠭ ᠪᠤᠯᠤᠩ ᠦᠯᠡᠳᠡᠭᠡᠬᠦ ᠥᠬᠡᠶ᠂ ᠰᠣᠬᠤᠷ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ︽ᠪᠥᠬᠦ ᠲᠠᠯ᠎ᠠ ᠪᠠᠷ ᠴᠠᠭᠠᠷᠠᠭᠰᠠᠨ᠂ ᠡᠮᠦᠨ᠎ᠡ ᠡᠩᠨᠡᠭᠡᠨ ᠳᠤ ᠶᠠᠪᠤᠬᠤ︾ ᠲᠡᠷᠢᠭᠦᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1