︵2020 ᠤᠨ ᠤ 5 ᠰᠠᠷ᠎ᠠ ᠶᠢᠨ 28 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠳᠤᠯᠠᠪᠠ︶ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠠᠴᠠ ᠬᠤᠷᠢᠶᠠᠨ ᠲᠠᠷᠤᠭ᠎ᠠ ᠯᠢ ᠵᠠᠨ ᠱᠦ ᠶᠢᠨ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ | ᠮᠡᠳᠡᠬᠦᠯᠦᠯᠳᠡ ᠶᠢ ᠰᠤᠨᠤᠰᠤᠬᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠠᠴᠠ ᠨᠠᠭᠠᠰᠢᠬᠢ ᠪᠠᠶᠢᠩᠭᠤ ᠶᠢᠨ ᠬᠤᠷᠢᠶᠠᠨ ᠤ ᠠᠵᠢᠯ ᠢ ᠬᠦᠢᠴᠡᠳ ᠨᠤᠳᠠᠯᠠᠵᠦ᠂ ᠮᠡᠳᠡᠬᠦᠯᠤᠯᠳᠡ ᠳᠤ | ᠲᠤᠷᠠᠳᠤᠬᠰᠠᠨ ᠬᠤᠶᠢᠰᠢᠳᠠ ᠶᠢᠨ ᠨᠢᠬᠡ ᠬᠤᠭᠤᠴᠠᠭᠠᠨ ᠤ ᠭᠤᠤᠯ ᠡᠬᠦᠷᠬᠡ ᠪᠠ ᠠᠵᠢᠯ ᠤᠨ ᠲᠤᠬᠢᠷᠠᠭᠤᠯᠤᠯᠳᠠ ᠶᠢ | ᠵᠦᠪᠰᠢᠶᠡᠷᠡᠵᠦ᠂ ᠡᠨᠡ ᠬᠦ ᠮᠡᠳᠡᠬᠦᠯᠦᠯᠳᠡ ᠶᠢ ᠵᠦᠪᠰᠢᠶᠡᠷᠡᠬᠦ ᠪᠠᠷ ᠲᠤᠬᠳᠠᠵᠠᠢ᠃ | ᠬᠤᠷᠠᠯ ᠠᠴᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ | ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ ᠪᠦᠬᠦᠳᠡ | ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠨ ︽ᠲᠦᠷᠪᠡᠨ ᠢᠳᠡᠬᠡᠯ︾ ᠢᠶᠠᠨ ᠪᠠᠳᠤᠳᠬᠠᠵᠤ ︽ᠬᠤᠶᠠᠷ ᠢ ᠬᠠᠮᠠᠭᠠᠯᠠᠬᠤ︾ ᠶᠢ ᠪᠠᠶᠡᠯᠡᠬᠦᠯᠵᠤ᠂ | ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ ᠪᠠᠷ ᠤᠯᠤᠰ ᠢᠶᠠᠨ | ᠵᠠᠰᠠᠬᠤ ᠶᠢᠨ ᠤᠷᠭᠠᠨᠢᠬ ᠨᠢᠬᠡᠳᠦᠯ ᠢ ᠪᠠᠷᠢᠮᠳᠠᠯᠠᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ | ᠡᠬᠦᠷᠬᠡ ᠶᠢ ᠴᠢᠩᠭ᠎ᠠ ᠡᠵᠡᠮᠳᠡᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ | ᠬᠦᠭᠵᠢᠯᠳᠡ ᠶᠢᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠳᠤ ᠬᠦᠴᠦᠨ ᠨᠡᠮᠡᠷᠢᠯᠡᠵᠤ᠂ ᠬᠠᠤᠯᠢ | ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ᠂ ᠢᠳᠡᠪᠬᠢᠳᠡᠢ ᠪᠠᠷ ᠬᠠᠷᠢᠭᠤᠴᠠᠯᠭ᠎ᠠ ᠡᠬᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠦᠨᠳᠦᠰᠤᠨ ᠬᠠᠤᠯᠢ ᠶᠢᠨ ᠪᠦᠬᠦ ᠲᠠᠯ᠎ᠠ ᠪᠠᠷ ᠬᠡᠷᠡᠭᠵᠢᠬᠦᠯᠦᠭᠳᠡᠬᠦ ᠶᠢ ᠪᠠᠳᠤᠯᠠᠨ᠂ ᠴᠢᠬᠤᠯᠠ | ᠬᠦᠷᠢᠶ᠎ᠠ ᠴᠠᠷᠠᠭ᠎ᠠ ᠶᠢᠨ ᠬᠠᠤᠯᠢ ᠲᠤᠬᠳᠠᠭᠠᠬᠤ ᠶᠢ ᠴᠢᠩᠭᠠᠳᠬᠠᠵᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ | ᠬᠠᠤᠯᠢᠵᠢᠯ ᠤᠨ ᠪᠠᠳᠤᠯᠠᠭ᠎ᠠ ᠶᠢᠨ ᠰᠢᠰᠲ᠋ᠧᠮ ᠢ ᠴᠢᠩᠭᠠᠳᠬᠠᠨ᠂ ᠵᠦᠪ ᠤᠨᠤᠪᠴᠢᠳᠠᠢ ᠪᠠᠷ ᠬᠢᠨᠠᠯᠳᠠ ᠲᠠᠯᠪᠢᠬᠤ᠂ | ᠦᠷ᠎ᠠ ᠪᠦᠲᠦᠮᠵᠢᠲᠠᠢ ᠪᠠᠷ ᠬᠢᠨᠠᠯᠳᠠ ᠲᠠᠯᠪᠢᠬᠤ ᠶᠢ ᠬᠡᠷᠡᠭᠵᠢᠬᠦᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠠᠴᠠ ︽ᠵᠠᠰᠠᠬ ᠤᠨ ᠤᠷᠳᠤᠨ᠂ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠲᠡᠬᠡᠳᠤ ᠰᠢᠬᠦᠬᠦ ᠬᠤᠷᠢᠶ᠎ᠠ᠂ | ᠠᠷᠠᠳ ᠤᠨ ᠲᠡᠬᠡᠳᠤ ᠪᠠᠶᠢᠴᠠᠭᠠᠬᠤ ᠬᠤᠷᠢᠶ᠎ᠠ︾ ᠳᠤ ᠬᠢᠨᠠᠯᠳᠠ ᠲᠠᠯᠪᠢᠬᠤ ᠲᠦᠷᠢᠮ ᠢ ᠲᠡᠬᠦᠯᠳᠡᠷᠵᠢᠬᠦᠯᠵᠤ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠦᠢᠯᠡᠳᠦᠯ ᠢ ᠨᠡᠩ ᠰᠠᠶᠢᠳᠤᠷ | ᠪᠠᠳᠠᠷᠠᠭᠤᠯᠤᠨ᠂ ᠠᠷᠠᠳ ᠲᠦᠮᠡᠨ ᠳᠤ ᠨᠢᠬᠳᠠ ᠲᠦᠰᠢᠭᠯᠡᠨ ᠰᠢᠨ᠎ᠠ ᠴᠠᠬ ᠦᠶ᠎ᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠲᠤᠯᠬᠤ ᠰᠢᠢᠳᠪᠦᠷᠢᠳᠤ ᠲᠠᠶᠢᠯᠠᠯᠳᠤᠭᠠᠨ ᠬᠢᠵᠦ ᠰᠢᠢᠳᠪᠦᠷᠢᠳᠤ ᠢᠯᠠᠯᠳᠠ ᠤᠯᠬᠤ ᠬᠠᠷᠠᠯᠳᠠ ᠡᠬᠦᠷᠬᠡ ᠶᠢ | ᠪᠡᠶᠡᠯᠡᠬᠦᠯᠬᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠨ᠎ᠠ ᠬᠤᠪᠢ ᠨᠡᠮᠡᠷᠢ ᠦᠵᠡᠬᠦᠯᠬᠦ ᠬᠡᠷᠡᠭᠳᠡᠢ | ᠬᠡᠵᠦ ᠱᠠᠭᠠᠷᠳᠠᠪᠠ᠃ | ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶ | |