ᠳᠡᠳ᠋ ᠱᠦᠵᠢ ᠾᠧ ᠬᠠᠢ ᠳ᠋ᠦᠩ ᠨᠡᠷ ᠴᠢᠩ ᠱᠦᠶ ᠾᠧ ᠰᠢᠶᠠᠨ ᠤ ᠯᠠᠮᠠ ᠶᠢᠨ ᠲᠣᠬᠤᠢ ᠪᠠᠯᠭᠠᠰᠤ ᠬᠤᠩ ᠾᠧ ᠪᠠᠯᠭᠠᠰᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠢᠭᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/5/7
     5 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠶ ᠳ᠋ᠦᠩ ᠨᠡᠷ ᠴᠢᠩ ᠱᠦᠶ ᠾᠧ ᠰᠢᠶᠠᠨ ᠤ ᠯᠠᠮᠠ ᠶᠢᠨ ᠲᠣᠬᠤᠢ ᠪᠠᠯᠭᠠᠰᠤᠨ ᠤ ᠴᠢᠶᠠᠨ ᠶᠢᠨ ᠲᠣᠰᠬᠤᠨ᠂ ᠶᠤᠸᠠᠢ ᠶᠢᠨ ᠲᠣᠰᠬᠤᠨ᠂ ᠬᠤᠩ ᠾᠧ ᠪᠠᠯᠭᠠᠰᠤᠨ ᠤ ᠢ ᠵᠢᠶᠠᠨ ᠹᠠᠩ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠦᠵᠡᠵᠦ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ ᠯᠢᠦ ᠵᠢᠶᠠᠨ ᠸᠧᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶ᠎ᠠ ᠶᠢᠨ ᠱᠦᠵᠢ ᠯᠢ ᠷᠦᠢ ᠵᠢᠶᠦ᠋ᠨ ᠵᠡᠷᠭᠡ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠠᠮᠠ ᠶᠢᠨ ᠲᠤᠬᠤᠢ ᠪᠠᠯᠭᠠᠰᠤᠨ ᠳᠤ ᠶᠠᠳᠠᠭᠤ ᠬᠦᠴᠢᠷᠳᠡᠯᠲᠡᠢ ᠡᠷᠦᠬᠡ ᠪᠠᠷ ᠠᠶᠢᠯᠴᠢᠯᠠᠵᠤ ᠶᠠᠪᠤᠬᠤ ᠳᠠᠭᠠᠨ᠂ ᠾᠧ ᠬᠠᠢ ᠳ᠋ᠦᠩ ᠶᠠᠳᠠᠭᠤ ᠬᠦᠴᠢᠷᠳᠡᠯᠲᠡᠢ ᠡᠷᠦᠬᠡ ᠶᠢᠨ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠪᠣᠳᠠᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠳᠤᠷᠠᠳᠴᠤ᠂ ᠪᠠᠯᠭᠠᠰᠤᠨ ᠤ ᠵᠠᠰᠠᠭ ᠤᠨ ᠣᠷᠳᠣᠨ ᠠᠴᠠ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠵᠤ᠂ ᠠᠵᠢᠯ ᠣᠯᠭᠤᠯᠲᠠ ᠶᠢ ᠢᠳᠡᠪᠬᠢᠲᠡᠢ ᠬᠠᠷᠢᠯᠴᠠᠬᠤ ᠶᠢ ᠱᠠᠭᠠᠷᠳᠠᠪᠠ᠃      ᠾᠧ ᠬᠠᠢ ᠳ᠋ᠦᠩ ᠨᠡᠷ ᠶᠠᠩ ᠰᠢ ᠯᠢᠶᠠᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠤ ᠪᠠᠶᠢᠴᠠᠭᠠᠨ ᠰᠤᠳᠤᠯᠤᠯᠲᠠ ᠬᠢᠵᠦ᠂ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠾᠧ ᠬᠠᠢ ᠳ᠋ᠦᠩ ᠲᠣᠰᠬᠤᠨ ᠤ ᠳᠠᠷᠠᠭᠠᠴᠢ ᠶᠢᠨ ᠠᠯᠬᠤᠮ ᠤᠨ ᠠᠵᠢᠯ ᠤᠨ ᠬᠥᠭᠵᠢᠯᠲᠡ ᠶᠢ ᠲᠣᠳᠣᠷᠬᠠᠶᠢᠯᠠᠪᠠ᠄ ᠨᠢᠭᠡ ᠳᠤ᠂ ᠲᠤᠰ ᠲᠣᠰᠬᠤᠨ ᠤ ᠪᠤᠲᠠᠲᠣ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠣᠰᠬᠤᠨ ᠤ ᠬᠠᠮᠲᠤ ᠶᠢᠨ ᠠᠵᠤ ᠦᠢᠯᠡᠰ ᠢ ᠨᠠᠷᠢᠨ ᠬᠢᠨᠠᠮᠠᠭᠠᠢ ᠰᠤᠳᠤᠯᠬᠤ ᠬᠡᠷᠡᠭᠲᠡᠢ︔ ᠬᠤᠶᠠᠷ ᠲᠤ ᠭᠠᠴᠠᠭᠠᠨ ᠤ ᠳᠣᠲᠣᠷᠠᠬᠢ ᠬᠠᠭᠤᠴᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠭᠤᠷᠪᠠ ᠳᠤ ᠲᠣᠰᠬᠤᠨ ᠤ ᠳᠣᠲᠣᠷᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠡᠷᠦᠬᠡ ᠳᠠᠷᠠᠭᠠᠯᠠᠨ ᠱᠦᠭᠦᠵᠦ᠂ ︽ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠲᠣᠬᠢᠷᠠᠯᠴᠠᠭᠤᠯᠬᠤ︾ ᠬᠡᠷᠡᠭᠲᠡᠶ︔ ᠳᠥᠷᠪᠡ ᠳᠤ᠂ ᠬᠡᠷ ᠪᠦᠯᠢ ᠶᠢᠨ ᠪᠦᠷᠢᠯᠳᠦᠬᠦᠨ ᠨᠢ ᠡᠪᠡᠳᠴᠢᠨ ᠲᠠᠢ ᠶᠠᠳᠠᠭᠤ ᠬᠦᠴᠢᠷᠳᠡᠯᠲᠡᠶ ᠡᠷᠦᠬᠡ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠡᠷᠦᠬᠡ ᠳᠠᠷᠠᠭᠠᠯᠠᠨ ᠰᠠᠶᠢᠲᠤᠷ ᠭᠦᠶᠴᠡᠳᠬᠡᠵᠦ᠂ ᠤᠳᠠᠭᠠᠨ ᠴᠢᠨᠠᠷᠲᠠᠶ ᠡᠪᠡᠳᠴᠢᠨ ᠳᠤ ᠭᠡᠷ᠎ᠡ ᠲᠣᠭᠲᠠᠬᠤ ᠦᠶᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ︔ ᠲᠠᠪᠤ ᠳᠤ᠂ ᠲᠣᠰᠬᠤᠨ ᠤ ᠳᠣᠲᠣᠷᠠᠬᠢ ᠬᠦᠷᠢᠶᠡᠨ ᠤ ᠠᠵᠤ ᠠᠬᠤᠶ ᠶᠢ ᠰᠠᠶᠢᠲᠤᠷ ᠬᠥᠭᠵᠢᠭᠦᠯᠵᠦ᠂ ᠲᠣᠰᠬᠤᠨ ᠤ ᠲᠣᠲᠣᠷᠠᠬᠢ ᠪᠠᠶᠢᠩᠭᠤ ᠰᠠᠭᠤᠭ᠎ᠠ ᠡᠷᠦᠬᠡ ᠶᠢᠨ ᠬᠦᠷᠢᠶᠡᠨ  ᠤ ᠴᠡᠭᠴᠡᠯᠡᠨ ᠵᠠᠰᠠᠯᠲᠠ ᠶᠢᠨ ᠪᠣᠳᠠᠲᠠᠶ ᠬᠡᠷᠡᠭᠴᠡᠭᠡ ᠶᠢ ᠡᠷᠦᠬᠡ ᠳᠠᠷᠠᠭᠠᠯᠠᠨ ᠵᠢᠭᠰᠠᠭᠠᠵᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ᠂ ᠳᠠᠭᠠᠭᠠᠴᠢᠯᠠᠨ ᠬᠤᠯᠪᠣᠭᠠᠯᠠᠬᠤ ᠠᠵᠤ ᠠᠬᠤᠶᠢᠯᠠᠯ ᠲᠠᠢ ᠰᠠᠶᠢᠲᠤᠷ ᠵᠣᠯᠭᠠᠭᠤᠯᠵᠤ᠂ ᠬᠠᠮᠲᠤᠪᠠᠷ ᠬᠦᠴᠦᠯᠡᠵᠦ᠂ ᠬᠦᠷᠢᠶᠡᠨ ᠤ ᠠᠵᠢᠯ ᠢ ᠰᠠᠶᠢᠲᠤᠷ ᠬᠢᠵᠦ᠂ ︽ᠴᠢᠨᠡᠭᠡᠯᠢᠭ ᠨᠡᠶᠢᠭᠡᠮ ᠢ ᠴᠡᠪᠡᠷ ᠴᠡᠮᠴᠡᠭᠡᠷ ᠤᠭᠲᠤᠬᠤ ᠬᠡᠷᠡᠭᠲᠡᠶ︾ ᠭᠡᠵᠡᠢ᠃      ᠾᠧ ᠬᠠᠢ ᠳ᠋ᠦᠩ ᠨᠡᠷ ᠪᠠᠰᠠ ᠹᠠᠨ ᠱᠠᠨ ᠭᠸᠦ ᠲᠣᠰᠬᠤᠨ ᠤ ᠬᠠᠮᠲᠤ ᠶᠢᠨ ᠠᠵᠤ ᠠᠬᠤᠶᠢᠯᠠᠯ ᠥᠪᠥᠷ ᠮᠣᠩᠭᠤᠯ ᠤᠨ ᠶᠢᠨ ᠸᠠᠨ ᠭᠸᠦ ᠪᠤᠷᠴᠠᠭ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠡ᠃ ᠲᠤᠰ ᠺᠣᠮᠫᠠᠨᠢ ᠶᠢᠨ ᠣᠷᠣᠭᠤᠯᠤᠯᠲᠠ ᠭᠠᠷᠭᠠᠯᠲᠠ ᠶᠢᠨ ᠬᠠᠷᠢᠴᠠᠯ᠂ ᠦᠢᠯᠡᠳᠪᠦᠷᠢᠯᠡᠯ ᠤᠨ ᠴᠢᠳᠠᠪᠤᠷᠢ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢᠨ ᠵᠠᠭᠪᠤᠷ ᠢ ᠨᠠᠷᠢᠨ ᠣᠶᠢᠯᠠᠭᠠᠵᠤ᠂ ᠲᠠᠨᠢᠯᠴᠠᠭᠤᠯᠭ᠎ᠠ ᠶᠢ ᠰᠣᠨᠣᠰᠤᠭᠰᠠᠨ ᠤ ᠲᠠᠷᠠᠭ᠎ᠠ᠂ ᠾᠧ ᠬᠠᠢ ᠳ᠋ᠦᠩ ᠲᠤᠰ ᠲᠣᠰᠬᠤᠨ ᠤ ᠬᠠᠮᠲᠤ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠵᠠᠭᠪᠤᠷ ᠢ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠦᠢᠯᠡᠳᠬᠦᠨ ᠤ ᠪᠣᠷᠣᠯᠠᠭᠤᠯᠭ᠎ᠠ  ᠶᠢᠨ ᠵᠠᠮ ᠳᠤ ᠠᠷᠭᠠᠴᠠᠬᠤ ᠪᠤᠳᠤᠯᠭ᠎ᠠ ᠳᠤᠷᠠᠳᠪᠠ᠃      ᠬᠤᠩ ᠾᠧ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠬᠤᠩ ᠾᠧ ᠪᠠᠯᠭᠠᠰᠤᠨ ᠤ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠶᠯᠡᠴᠢᠯᠡᠭᠡᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠾᠧ ᠬᠠᠶ ᠳ᠋ᠦᠩ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠮᠠᠰᠢᠨ ᠤ ᠦᠶᠯᠡᠴᠢᠯᠡᠭᠡ ᠨᠢ ᠨᠢᠭᠡᠨᠲᠡ ᠲᠣᠰᠬᠤᠨ ᠤ ᠬᠠᠮᠲᠤ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠨᠢᠭᠡᠨ ᠭᠤᠤᠯ ᠠᠷᠭ᠎ᠠ ᠵᠠᠮ ᠪᠣᠯᠵᠣ᠂ ᠲᠠᠷᠢᠶᠠᠯᠠᠩ ᠤᠨ ᠮᠠᠰᠢᠨ ᠪᠠᠭᠠᠵᠢ ᠶᠢ ᠥᠷᠭᠡᠨ ᠢᠶᠠᠷ ᠬᠡᠷᠡᠭᠯᠡᠬᠦ ᠨᠢ ᠠᠷᠠᠳ ᠣᠯᠠᠨ ᠳᠤ ᠳᠥᠭᠦᠮ ᠳᠥᠲᠡ ᠲᠦᠷᠭᠡᠨ ᠪᠣᠯᠭᠠᠬᠤ ᠶᠢᠨ ᠬᠠᠮᠲᠤ ᠪᠠᠰᠠ ᠲᠣᠰᠬᠤᠨ ᠤ ᠬᠠᠮᠲᠤ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠠᠢ ᠭᠡᠪᠡ᠃      ᠢ ᠵᠢᠶᠠᠨ ᠹᠠᠩ ᠵᠢᠮᠢᠰ ᠤᠨ ᠣᠢ ᠶᠢᠨ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠾᠧ ᠬᠠᠶ ᠳ᠋ᠦᠩ ᠬᠤᠩ ᠾᠧ ᠪᠠᠯᠭᠠᠰᠤᠨ ᠤ ᠶᠠᠳᠠᠭᠤ ᠶᠢ ᠲᠡᠳᠬᠦᠬᠦ ᠲᠥᠷᠥᠯ ᠵᠦᠶᠯ ᠢ ᠨᠤᠲᠠᠯᠠᠵᠤ ᠪᠠᠶᠢᠬᠤ ᠪᠠᠨ ᠢᠯᠡᠳᠬᠡᠭᠰᠡᠨ ᠪᠥᠭᠡᠳ ᠪᠥᠬᠦ ᠬᠤᠲᠠ ᠶᠢᠨ ︽ᠪᠥᠬᠦ ᠲᠠᠯ᠎ᠠ ᠪᠠᠷ ᠴᠠᠭᠠᠷᠠᠭᠰᠠᠨ᠂ ᠡᠮᠦᠨ᠎ᠡ ᠡᠩᠨᠡᠭᠡᠨ ᠳᠤ ᠶᠠᠪᠤᠬᠤ︾ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠳᠤ ᠪᠣᠳᠠᠲᠠᠶ ᠲᠣᠬᠢᠷᠠᠭᠤᠯᠤᠯᠲᠠ ᠬᠢᠪᠠ᠃ ᠾᠧ ᠬᠠᠢ ᠳ᠋ᠦᠩ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠬᠠᠮᠤᠭ ᠡᠴᠦᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠦᠷᠴᠡᠢ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠢᠳᠪᠦᠷᠢᠲᠦ ᠳᠠᠶᠢᠯᠠᠯᠳᠤᠭᠠᠨ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠡᠨᠡᠬᠦ ᠬᠥᠪᠴᠢ ᠶᠢ ᠴᠢᠩᠭ᠎ᠠ ᠠᠳᠬᠤᠵᠤ᠂ ᠡᠷᠴᠢ ᠰᠤᠯᠠᠷᠠᠬᠤ ᠬᠤᠶᠢᠷᠭᠤᠰᠢᠬᠤ ᠦᠵᠡᠯ ᠰᠠᠨᠠᠭ᠎ᠠ ᠡᠭᠦᠰᠬᠦ ᠶᠢ ᠰᠡᠷᠭᠡᠶᠢᠯᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1