| | | 5 ᠳ᠋ᠤᠭᠠᠷ ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠺᠠᠩ ᠶᠦᠩ ᠴᠢᠶᠠᠩ ᠴᠧᠩ ᠭᠤᠸᠠᠨ ᠪᠠᠯᠭᠠᠰᠤ ᠪᠠ ᠤᠯᠢᠶᠠᠰᠤᠲᠠᠢ ᠰᠢᠶᠠᠩ ᠳᠤ ᠭᠦᠨᠵᠡᠭᠡᠶᠢᠷᠡᠨ ᠶᠠᠳᠠᠭᠤ | ᠶᠢ ᠲᠡᠳᠬᠦᠬᠦ ᠠᠵᠤ ᠦᠶᠯᠡᠰ ᠪᠠ ᠠᠷᠢᠭᠤᠨ ᠴᠡᠪᠡᠷ ᠵᠣᠷᠯᠣᠩ ᠢ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠪᠠ᠃ | ᠰᠢᠶᠠᠨ ᠤ ᠳᠡᠳ᠋ ᠳᠠᠷᠤᠭ᠎ᠠ ᠯᠢ ᠵᠢᠶᠦ᠋ᠨ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ | ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠤᠨ ᠶᠠᠳᠠᠭᠤ ᠶᠢ ᠲᠡᠳᠬᠦᠬᠦ ᠠᠯᠪᠠᠨ ᠬᠡᠷ | ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠠᠶ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠡᠩ ᠲᠡᠷᠢᠭᠦᠨ ᠳᠤ ᠰᠢᠶᠠᠨ ᠤ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠴᠦ᠂ ᠠᠵᠢᠯᠲᠠᠨ ᠤ | ᠠᠷᠢᠭᠤᠨ ᠴᠡᠪᠡᠷ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ | ᠰᠣᠨᠣᠰᠴᠤ᠂ ᠠᠷᠢᠭᠤᠨ ᠴᠡᠪᠡᠷ ᠵᠣᠷᠯᠣᠩ ᠤᠨ ᠪᠦᠲᠦᠴᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠥᠭᠡᠷᠡᠴᠢᠯᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠭᠦᠨᠵᠡᠭᠡᠶ ᠶᠠᠷᠢᠯᠴᠠᠭᠰᠠᠨ ᠪᠥᠭᠡᠳ ᠰᠠᠨᠠᠯ | ᠳᠤᠷᠠᠳᠪᠠ᠃ | ᠳᠠᠷᠠᠭ᠎ᠠ ᠳᠤᠨᠢ᠂ ᠺᠠᠩ ᠶᠦᠩ ᠴᠢᠶᠠᠩ ᠨᠠᠷ ᠪᠠᠰᠠ ᠤᠯᠢᠶᠠᠰᠤᠲᠠᠢ ᠰᠢᠶᠠᠩ ᠤᠨ ᠭᠤᠴᠢᠨ ᠨᠢᠭᠡᠳᠦᠭᠡᠷ | ᠨᠣᠮᠧᠷᠲᠤ ᠲᠣᠰᠬᠤᠨ ᠤ ᠶᠤᠸᠠᠨ ᠲᠦᠩ ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠲᠤᠰᠬᠠᠢ ᠠᠵᠢᠯ ᠤᠨ | ᠬᠤᠷᠰᠢᠶ᠎ᠠ᠂ ᠢᠦ᠋ᠢ ᠹᠧᠩ ᠲᠤᠰᠬᠠᠢ ᠠᠵᠢᠯ ᠤᠨ ᠬᠤᠷᠰᠢᠶ᠎ᠠ᠂ ᠮᠧᠩ ᠷᠦᠢ ᠹᠧᠩ ᠲᠠᠷᠢᠬᠤ ᠲᠡᠵᠢᠭᠡᠨ ᠦᠷᠡᠵᠢᠭᠦᠯᠬᠦ | ᠲᠤᠰᠬᠠᠢ ᠠᠵᠢᠯ ᠤᠨ ᠬᠤᠷᠰᠢᠶ᠎ᠠ ᠵᠡᠷᠭᠡ ᠭᠠᠵᠠᠷ ᠲᠤ ᠭᠦᠨᠵᠡᠭᠡᠶᠢᠷᠡᠪᠡ᠃ ᠬᠦᠷᠦᠭᠰᠡᠨ ᠭᠠᠵᠠᠷ ᠨᠢᠭᠡᠪᠦᠷᠢ ᠳᠤ᠂ ᠺᠠᠩ | ᠶᠦᠩ ᠴᠢᠶᠠᠩ ᠨᠠᠷ ᠴᠥᠮ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ | ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠦᠢᠯᠡᠰ ᠤᠨ | ᠬᠡᠪᠴᠢᠶ᠎ᠡ᠂ ᠬᠥᠭᠵᠢᠯᠲᠡ ᠶᠢᠨ ᠲᠥᠯᠥᠪᠵᠢᠭᠦᠯᠪᠡ᠂ ᠶᠠᠳᠠᠭᠤ ᠬᠦᠴᠢᠷᠳᠡᠯᠲᠡᠢ ᠡᠷᠦᠬᠡ ᠶᠢᠨ ᠠᠵᠢᠯ ᠣᠯᠭᠤᠯᠲᠠ ᠶᠢ | ᠳᠠᠶᠢᠴᠢᠯᠠᠬᠤ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠢᠯ ᠤᠨ ᠳᠤᠮᠳᠠ ᠲᠤᠯᠭᠠᠷᠠᠭᠰᠠᠨ | ᠠᠰᠠᠭᠤᠳᠠᠯ ᠪᠠ ᠬᠦᠴᠢᠷᠳᠡᠯ ᠢ ᠬᠠᠮᠲᠤ ᠪᠠᠷ ᠰᠤᠳᠤᠯᠤᠨ ᠶᠠᠷᠢᠯᠴᠠᠭᠰᠠᠨ ᠪᠥᠭᠡᠳ ᠬᠥᠳᠡᠭᠡ ᠲᠣᠰᠬᠤᠨ ᠤ ᠲᠠᠷᠢᠵᠤ | ᠲᠡᠵᠢᠭᠡᠬᠦ ᠦᠢᠯᠡᠰ ᠤᠨ ᠬᠥᠭᠵᠢᠯᠲᠡ ᠳᠤ ᠴᠣ ᠰᠢᠨ᠎ᠡ ᠰᠡᠳᠬᠢᠮᠵᠢ ᠳᠤᠷᠠᠳᠤᠭᠰᠠᠨ ᠪᠠᠶᠢᠨ᠎ᠠ᠃ ᠺᠠᠩ ᠶᠦᠩ ᠴᠢᠶᠠᠩ | ᠱᠠᠭᠠᠷᠳᠠᠭᠰᠠᠨ ᠨᠢ᠂ ᠮᠠᠨ ᠤ ᠰᠢᠶᠠᠨ ᠤ ᠶᠠᠳᠠᠭᠤ ᠶᠢ ᠲᠡᠳᠬᠦᠬᠦ ᠠᠵᠤ ᠦᠶᠯᠡᠰ ᠲᠤ ᠦᠵᠡᠭᠦᠯᠬᠦ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠭᠦᠶᠴᠡᠳ ᠰᠠᠶᠢᠲᠤᠷ ᠠᠰᠢᠭᠯᠠᠵᠤ᠂ ᠲᠠᠷᠢᠵᠤ ᠲᠡᠵᠢᠭᠡᠨ ᠦᠷᠡᠵᠢᠭᠦᠯᠬᠦ | ᠬᠡᠪᠴᠢᠶᠡᠵᠢᠯ ᠢ ᠲᠠᠰᠤᠷᠠᠯᠲᠠ ᠥᠬᠡᠶ ᠥᠷᠭᠡᠳᠬᠡᠨ᠂ ᠳᠠᠷᠢᠵᠤ ᠲᠡᠵᠢᠭᠡᠨ ᠦᠷᠡᠵᠢᠭᠦᠯᠬᠦ ᠠᠵᠤ ᠦᠶᠯᠡᠰ ᠤᠨ | ᠬᠡᠯᠬᠢᠶ᠎ᠡ ᠶᠢ ᠢᠳᠡᠪᠬᠢᠲᠡᠶ ᠰᠤᠷᠤᠯᠴᠠᠨ ᠥᠷᠭᠡᠳᠬᠡᠵᠦ᠂ ᠨᠠᠩ ᠣᠯᠠᠨ ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠶᠢᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ | ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠲᠡ | ᠶᠢ ᠦᠨᠡᠨᠬᠦ ᠪᠠᠲᠤᠯᠠᠵᠤ᠂ ᠲᠥᠷᠥᠯ ᠵᠦᠶᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠠᠶᠢᠴᠢᠯᠠᠬᠤ | ᠦᠶᠯᠡᠳᠦᠯ ᠢᠶᠠᠨ ᠭᠦᠶᠴᠡᠳ ᠪᠠᠳᠠᠷᠠᠭᠤᠯᠬᠤ ᠬᠡᠷᠡᠭᠲᠡᠶ᠃ | ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠺᠠᠩ ᠶᠦᠩ ᠴᠢᠶᠠᠩ ᠨᠠᠷ ᠪᠠᠰᠠ ᠶᠠᠳᠠᠭᠤ ᠬᠦᠴᠢᠷᠳᠡᠯᠲᠡᠶ | ᠡᠷᠦᠬᠡ ᠰᠢᠶᠤᠤ ᠵᠠᠨ ᠴᠧᠩ᠂ ᠳ᠋ᠠᠩ ᡁᠢ ᠯᠢᠶᠠᠩ ᠤᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠨ | ᠰᠤᠷᠪᠤᠯᠵᠢᠯᠠᠵᠤ᠂ ᠲᠡᠳᠡᠨ ᠤ ᠦᠶᠯᠡᠳᠪᠦᠷᠢᠯᠡᠯ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂ ᠬᠡᠷ | ᠪᠦᠯᠢ ᠶᠢᠨ ᠠᠵᠤ ᠠᠬᠤᠶ ᠶᠢᠨ ᠣᠷᠣᠯᠭ᠎ᠠ ᠵᠢᠴᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ᠂ | ᠲᠥᠷᠥᠯ ᠵᠦᠶᠯ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠭᠠᠵᠤ᠂ ᠲᠡᠳᠡᠨ ᠤ | ᠦᠶᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ | ᠪᠥᠭᠡᠳ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠪᠡ᠃ |