| | | | | | | | | | | ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦᠩ ᠣᠶᠢᠷ᠎ᠠ ᠳᠤ ᠪᠧᠶ ᠪᠦᠦ | ᠰᠢᠶᠠᠩ ᠳᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠵᠦ ᠵᠢᠭᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠄ ᠣᠳᠣᠬᠠᠨ ᠤ ᠭᠠᠩ ᠬᠠᠭᠰᠠᠷᠠᠭᠠᠨ ᠲᠠᠢ ᠲᠡᠮᠡᠴᠡᠬᠦ | ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ︽ᠬᠦᠯᠢᠶᠡᠬᠦ ᠲᠦᠰᠢᠬᠦ︾ | ᠦᠵᠡᠯ ᠰᠠᠨᠠᠭ᠎ᠠ ᠪᠠᠨ ᠲᠠᠶᠠᠭᠳᠠᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠤᠰᠤᠨ ᠰᠤᠷᠪᠤᠯᠵᠢ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤ ᠬᠡᠷᠡᠭᠯᠡᠬᠦ ᠠᠷᠭ᠎ᠠ ᠬᠡᠮᠵᠢᠶ᠎ᠡ ᠶᠢ ᠵᠦᠶ | ᠵᠣᠬᠢᠰᠲᠠᠶ ᠲᠣᠭᠲᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃ | ᠰᠢᠶᠠᠨ ᠤ ᠤᠳᠤᠷᠢᠳᠤᠯᠭ᠎ᠠ ᠺᠠᠩ ᠶᠦᠩ ᠴᠢᠶᠠᠩ᠂ ᠯᠢᠦ ᠶᠢᠦ ᠼᠦᠨ᠂ ᠫᠠᠨ ᠵᠢᠶᠠᠨ ᠵᠢᠶᠦ᠋ᠨ᠂ ᠵᠠᠩ ᠰᠢᠶᠧ | ᠵᠢᠶᠦ᠋ᠨ ᠵᠢᠴᠢ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠪᠸᠢ ᠪᠦ᠋ ᠰᠢᠶᠠᠩ ᠵᠡᠷᠭᠡ ᠶᠢᠨ ᠭᠤᠤᠯ ᠬᠠᠷᠢᠭᠤᠴᠠᠯᠭᠠᠲᠠᠨ | ᠬᠠᠮᠲᠤ ᠪᠠᠶᠢᠴᠠᠭᠠᠨ ᠰᠤᠳᠤᠯᠤᠯᠲᠠ ᠬᠢᠪᠠ᠃ | ᠪᠧᠶ ᠪᠦᠦ ᠰᠢᠶᠠᠩ ᠳᠤ᠂ ᠶᠦᠨ ᠯᠢᠨ ᠴᠢᠶᠦ᠋ᠩ ᠠᠳᠠᠯᠢ ᠪᠤᠰᠤ ᠲᠣᠰᠬᠤᠨ ᠤ ᠲᠠᠷᠢᠶᠠᠨ ᠭᠠᠵᠠᠷ ᠤᠨ | ᠲᠠᠷᠢᠶᠠᠯᠠᠭ᠎ᠠ ᠶᠢᠨ ᠪᠠᠶᠢᠳᠠᠯ ᠪᠣᠯᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ | ᠠᠰᠢᠭᠯᠠᠯᠲᠠ ᠶᠢᠨ ᠪᠠᠶᠢᠳᠠᠯ ᠢ ᠨᠠᠷᠢᠨ ᠦᠵᠡᠵᠦ᠂ ᠲᠠᠷᠢᠶᠠᠨ ᠭᠠᠵᠠᠷ ᠤᠨ ᠲᠠᠷᠢᠶᠠᠴᠢᠳ ᠲᠠᠢ ᠭᠠᠩ | ᠬᠠᠭᠰᠠᠷᠠᠭᠠᠨ ᠠᠴᠠ ᠪᠣᠯᠵᠤ ᠲᠠᠷᠢᠬᠤ ᠬᠤᠭᠤᠴᠠᠭ᠎ᠠ ᠪᠠᠨ ᠠᠯᠳᠠᠭᠰᠠᠨ ᠲᠠᠷᠢᠮᠠᠯ ᠤᠨ ᠲᠥᠷᠥᠯ ᠬᠡᠯᠪᠡᠷᠢ᠂ | ᠳᠠᠷᠠᠭᠠᠴᠢ ᠶᠢᠨ ᠱᠠᠲᠤᠨ ᠤ ᠲᠠᠷᠢᠮᠠᠯ ᠤᠨ ᠲᠥᠷᠥᠯ ᠬᠡᠯᠪᠡᠷᠢ᠂ ᠭᠠᠩ ᠬᠠᠭᠰᠠᠷᠠᠭᠠᠨ ᠤ ᠬᠥᠭᠵᠢᠯᠲᠡ ᠶᠢᠨ ᠪᠠᠶᠢᠳᠠᠯ ᠤᠨ | ᠪᠣᠯᠤᠨ ᠠᠷᠠᠳ ᠤᠨ ᠭᠠᠩ ᠬᠠᠭᠰᠠᠷᠠᠭᠠᠨ ᠢ ᠠᠷᠭᠠᠴᠠᠬᠤ ᠪᠦᠳᠦᠭᠦᠯᠢᠭ ᠠᠷᠭ᠎ᠠ ᠵᠡᠷᠭᠡ ᠲᠠᠯ᠎ᠠ ᠪᠠᠷ ᠰᠣᠯᠢᠯᠴᠠᠭ᠎ᠠ ᠬᠢᠵᠡᠶ | ᠃ ᠡᠭᠦᠨ ᠤ ᠬᠠᠮᠲᠤ ᠭᠠᠩ ᠬᠠᠭᠰᠠᠷᠠᠭᠠᠨ ᠲᠠᠢ ᠲᠡᠮᠡᠴᠡᠬᠦ ᠨᠢᠭᠡᠳᠦᠭᠡᠷ ᠹᠷᠣᠨᠲ ᠤᠨ ᠰᠢᠶᠠᠩ ᠲᠣᠰᠬᠤᠨ ᠤ | ᠺᠠᠳ᠋ᠷᠴᠤᠳ ᠢ ᠪᠣᠯᠭᠤᠭᠠᠨ ᠲᠣᠬᠤᠨᠢᠭᠤᠯᠪᠠ᠃ | ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ᠣᠳᠣᠬᠠᠨ ᠳᠤ ᠪᠦᠬᠦ ᠰᠢᠶᠠᠨ ᠢᠶᠠᠷ ᠢᠶᠠᠨ ᠭᠠᠩ | ᠬᠠᠭᠰᠠᠷᠠᠭᠠᠨ ᠲᠠᠢ ᠲᠡᠮᠡᠴᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠠᠶ᠂ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠰᠢᠶᠠᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ | ᠴᠢᠬᠤᠯᠠ ᠡᠭᠦᠷᠭᠡ ᠪᠣᠯᠭᠠᠨ ᠠᠳᠬᠤᠵᠤ᠂ ᠰᠢᠶᠠᠨ ᠤ ᠱᠠᠲᠤᠨ ᠤ ᠡᠯ᠎ᠡ ᠰᠢᠶᠠᠩ ᠢ ᠳᠠᠭᠠᠭᠠᠴᠢᠯᠠᠭᠰᠠᠨ ᠤᠳᠤᠷᠢᠳᠤᠯᠭ᠎ᠠ | ᠂ ᠰᠢᠶᠠᠨ ᠤ ᠰᠢᠭᠤᠳ ᠬᠠᠷᠢᠶ᠎ᠠ ᠡᠯ᠎ᠡ ᠳᠠᠭᠠᠭᠠᠴᠢᠯᠠᠭᠰᠠᠨ ᠰᠠᠯᠠᠭ᠎ᠠ ᠮᠦᠴᠢᠷ ᠤᠳ ︽ᠬᠠᠪᠰᠤᠷᠤᠨ ᠲᠡᠳᠬᠦᠵᠦ | ᠬᠠᠪᠰᠤᠷᠤᠨ ᠲᠤᠰᠠᠯᠠᠬᠤ ᠶᠢ ᠵᠠᠩᠭᠢᠯᠠᠭ᠎ᠠ ᠶᠢᠨ ᠭᠠᠵᠠᠷ ᠲᠤᠨᠢ ᠬᠦᠷᠭᠡᠬᠦ︾ ᠶᠢ ᠪᠠᠷᠢᠮᠲᠠᠯᠠᠵᠤ᠂ ᠡᠯ᠎ᠡ ᠳᠠᠭᠠᠭᠠᠴᠢᠯᠠᠨ | ᠬᠤᠯᠪᠣᠭᠠᠯᠠᠬᠤ ᠰᠢᠶᠠᠩ ᠪᠠᠯᠭᠠᠰᠤᠨ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠭᠠᠩ ᠬᠠᠭᠰᠠᠷᠠᠭᠠᠨ ᠲᠠᠢ | ᠲᠡᠮᠡᠴᠡᠵᠦ ᠴᠢᠬᠢᠭ ᠢ ᠬᠠᠮᠠᠭᠠᠯᠠᠬᠤ ᠠᠵᠢᠯ ᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠳᠤᠰᠤᠯᠭᠠᠨ | ᠤᠰᠤᠯᠠᠬᠤ᠂ ᠰᠦᠷᠴᠢᠨ ᠤᠰᠤᠯᠠᠬᠤ᠂ ᠤᠰᠤᠨ ᠲᠡᠷᠭᠡᠨ ᠤ ᠪᠢᠴᠢᠯ ᠤᠰᠤᠯᠠᠯᠲᠠ ᠬᠢᠬᠦ᠂ ᠤᠰᠤᠨ ᠳᠤ ᠰᠠᠭᠤᠵᠤ | ᠲᠠᠷᠢᠬᠤ ᠵᠡᠷᠭᠡ ᠠᠷᠭ᠎ᠠ ᠶᠢ ᠠᠪᠴᠤ᠂ ᠠᠷᠭ᠎ᠠ ᠪᠦᠬᠦᠨ ᠢ ᠰᠦᠪᠡᠭᠴᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ | ᠴᠢᠬᠢ ᠬᠠᠮᠠᠭᠠᠯᠠᠬᠤ᠂ ᠤᠨᠠᠯᠲᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠶᠠᠩ ᠪᠠᠯᠭᠠᠰᠤ ᠲᠠᠢ ᠬᠠᠮᠵᠢᠯᠴᠠᠨ ᠭᠠᠩ ᠬᠠᠭᠰᠠᠷᠠᠭᠠᠨ ᠲᠠᠢ ᠲᠡᠮᠡᠴᠡᠬᠦ | ᠪᠡᠯᠡᠳᠬᠡᠮᠵᠢ ᠶᠢᠨ ᠢᠵᠢ ᠪᠦᠷᠢᠳᠦᠭᠦᠯᠬᠦ ᠪᠠᠲᠤᠯᠠᠭ᠎ᠠ᠂ ᠤᠰᠤᠨ ᠰᠤᠪᠠᠭ ᠤᠨ ᠤᠰᠤ ᠲᠠᠲᠠᠬᠤ ᠲᠥᠯᠥᠪᠵᠢᠭᠦᠯᠭᠡ ᠪᠠ | ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠵᠦ᠂ ᠪᠤᠢ ᠪᠦᠬᠦᠢ ᠭᠠᠩ | ᠬᠠᠭᠰᠠᠷᠠᠭᠠᠨ ᠲᠠᠢ ᠲᠡᠮᠡᠴᠡᠬᠦ ᠲᠥᠬᠦᠭᠡᠷᠦᠮᠵᠢ ᠶᠢ ᠬᠡᠷᠡᠭᠯᠡᠬᠦ ᠳᠡᠭᠡᠨ ᠭᠠᠵᠠᠷ ᠤᠨ ᠭᠠᠳᠠᠷᠭᠤ᠂ ᠭᠠᠵᠠᠷ ᠳᠣᠤᠷᠠᠬᠢ | ᠤᠰᠤᠨ ᠤ ᠡᠬᠢ ᠰᠤᠷᠪᠤᠯᠵᠢ ᠶᠢ ᠴᠥᠮ ᠭᠦᠢᠴᠡᠳ ᠠᠰᠢᠭᠯᠠᠬᠤ ᠬᠡᠷᠡᠭᠲᠡᠶ᠃ ᠭᠠᠩ ᠲᠠᠢ ᠲᠡᠮᠡᠴᠡᠬᠦ ᠶᠠᠪᠤᠴᠠ ᠳᠤ | ᠤᠰᠤ ᠲᠠᠲᠠᠵᠤ ᠤᠰᠤᠯᠠᠬᠤ ᠳᠤ ᠬᠡᠷᠡᠭᠯᠡᠬᠦ ᠴᠠᠬᠢᠯᠭᠠᠨ ᠤ ᠠᠶᠤᠯ ᠦᠭᠡᠶ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ᠃ ᠡᠳ᠋ ᠤᠨ ᠵᠠᠰᠠᠭ ᠪᠣᠯᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠳ ᠵᠦᠶ | ᠵᠣᠬᠢᠰᠲᠠᠶ ᠡᠳ᠋ ᠤᠨ ᠵᠠᠰᠠᠭ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠠᠪᠴᠤ᠂ ᠭᠠᠩ ᠬᠠᠭᠰᠠᠷᠠᠭᠠᠨ ᠲᠠᠢ ᠲᠡᠮᠡᠴᠡᠬᠦ | ᠪᠡᠯᠡ ᠮᠥᠩᠭᠦ ᠶᠢ ᠪᠠᠲᠤᠯᠠᠬᠤ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠤᠨ ᠪᠠᠶᠢᠳᠠᠯ ᠢ | ᠴᠠᠭ ᠲᠤᠬᠠᠶ ᠳᠤᠨᠢ ᠤᠷᠢᠳᠴᠢᠯᠠᠨ ᠮᠡᠳᠡᠭᠡᠯᠡᠵᠦ᠂ ᠲᠠᠷᠢᠶᠠᠴᠢᠳ ᠲᠤ ᠴᠠᠭ ᠲᠤᠨᠢ ᠲᠤᠬᠢᠷᠠᠭᠤᠯᠤᠨ ᠲᠠᠷᠢᠬᠤ ᠮᠡᠳᠡᠭᠡ | ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭ ᠲᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠭᠠᠩ | ᠬᠠᠭᠰᠠᠷᠠᠭᠠᠨ ᠤ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠡᠭᠦᠨ ᠤ ᠬᠠᠮᠲᠤ | ᠲᠠᠷᠢᠮᠠᠯ ᠤᠨ ᠭᠠᠩ ᠬᠠᠭᠰᠠᠷᠠᠭᠠᠨ ᠲᠠᠢ ᠲᠡᠮᠡᠴᠡᠵᠦ ᠬᠤᠬᠢᠷᠠᠯ ᠢ ᠨᠥᠬᠦᠪᠥᠷᠢᠯᠡᠬᠦ ᠠᠵᠢᠯ ᠢ ᠭᠠᠷᠳᠠᠨ ᠬᠢᠵᠦ᠂ ᠭᠠᠩ ᠤᠨ | ᠭᠠᠮᠰᠢᠭ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠶ | ᠭᠡᠵᠡᠢ᠃ |