ᠴᠢ ᠵᠢᠶᠦ᠋ᠨ ᠬᠤ᠋ ᠭᠤᠤᠯᠳᠠᠯᠭ᠎ᠠ ᠲᠠᠢ ᠲᠥᠷᠥᠯ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-22
     6 ᠳ᠋ᠤᠭᠠᠷ ᠰᠠᠷ᠎ᠠ ᠶᠢᠨ 15 ᠤ ᠡᠳᠦᠷ᠂ ᠴᠢᠩ ᠱᠦᠢ ᠾᠧ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠵᠢᠶᠦ᠋ᠨ ᠬᠤ᠋ ᠭᠤᠣᠯᠳᠠᠯᠭ᠎ᠠ ᠲᠠᠢ ᠲᠦᠷᠦᠯ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠠᠷᠠᠳ ᠢ ᠨᠡᠭᠦᠯᠭᠡᠬᠦ ᠠᠵᠢᠯ ᠤᠨ ᠠᠯᠪᠠᠨ ᠭᠡᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠰᠠᠯᠠᠭ᠎ᠠ ᠮᠥᠴᠢᠷ ᠤᠨ ᠳᠡᠭᠡᠷ᠎ᠡ ᠬᠠᠭᠠᠰ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃      ᠴᠢ ᠵᠢᠶᠦ᠋ᠨ ᠬᠤ᠋᠄ ᠨᠢᠭᠡ ᠳᠤ ᠬᠢᠵᠢᠭ ᠰᠡᠷᠭᠡᠶᠢᠯᠡᠬᠦ ᠦᠵᠡᠯ ᠰᠠᠨᠠᠭᠠᠨ ᠤ ᠬᠥᠪᠴᠢ ᠶᠢ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠤᠯᠤᠰ ᠲᠦᠷᠦ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠶᠠᠳᠠᠭᠤ ᠶᠢ ᠲᠡᠳᠬᠦᠬᠦ ᠠᠵᠢᠯ ᠢ ᠴᠢᠩᠭ᠎ᠠ ᠠᠳᠬᠤᠬᠤ ᠬᠡᠷᠡᠭᠲᠡᠢ᠃ ᠭᠤᠷᠪᠠ ᠳᠤ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ︔ ᠬᠠᠳᠤᠨ ᠭᠤᠤᠯ᠂ ᠤᠷᠲᠤ ᠴᠠᠭᠠᠨ ᠬᠡᠷᠡᠮ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠵᠤ᠂ ᠪᠦᠬᠦ ᠰᠢᠶᠠᠨ ᠤ ᠰᠣᠶᠣᠯ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠳᠥᠷᠪᠡ ᠳᠤ ᠪᠠᠷᠢᠯᠭ᠎ᠠ ᠶᠢᠨ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠶᠣᠰᠣ ᠳᠦᠷᠢᠮ ᠤᠨ ᠤᠬᠠᠮᠰᠠᠷ ᠢ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠴᠠᠭ ᠢᠮᠠᠭᠲᠠ ᠰᠡᠷᠡᠮᠵᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1