| | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ | ᠤᠯᠤᠰ ᠤᠨᠬᠤᠯᠪᠣᠭᠠᠲᠤ ᠪᠠᠶᠢᠭᠤᠯᠣᠯᠭ᠎ᠠ ᠶᠢᠨ ᠬᠡᠤᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡᠯᠡᠭᠰᠡᠨ | ︽ᠳᠡᠯᠡᠬᠡᠶ ᠶᠢᠨ ᠬᠡᠤᠬᠡᠳ ᠤᠨ ᠬᠤᠤᠷᠳᠤᠯ ᠭᠡᠮᠲᠦᠯ ᠢ ᠰᠡᠷᠭᠡᠶᠢᠯᠡᠬᠦ ᠮᠡᠳᠡᠭᠦᠯᠦᠯᠲᠡ︾ ᠠᠴᠠ ᠦᠵᠡᠪᠡᠯ᠂ ᠪᠦᠬᠦ | ᠪᠥᠮᠪᠥᠷᠴᠡᠭ ᠲᠤ ᠡᠳᠦᠷ ᠪᠦᠷᠢ ᠪᠠᠷᠤᠭ 480 ᠬᠡᠦᠬᠡᠳ ᠤᠰᠤᠨ ᠳᠤ ᠵᠢᠪᠴᠦ ᠦᠬᠦᠵᠣ ᠪᠠᠶᠢᠭ᠎ᠠ ᠠᠵᠠᠢ᠃ ᠡᠶᠢᠮᠤ | ᠠᠴᠠ ᠣᠰᠣᠨ ᠳᠤ ᠵᠢᠪᠬᠦ ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ | ᠬᠡᠷᠡᠭᠲᠡᠢ᠃ | 12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ | ᠪᠡᠭᠡᠵᠢᠩ ᠤᠨ ᠬᠡᠤᠬᠡᠳ ᠤᠨ ᠡᠮᠨᠡᠯᠭᠡ ᠶᠢᠨ ᠬᠤᠷᠢᠶᠠᠨ ᠤ ᠱᠦᠨ ᠢ ᠡᠮᠡᠭᠲᠡᠶᠢᠴᠤᠳ ᠬᠡᠤᠬᠡᠳ ᠤᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠭᠠᠳᠠᠷ ᠰᠠᠯᠠᠭᠠᠨ ᠤ ᠭᠤᠤᠯ ᠡᠮᠴᠢ ᠵᠦ ᠯᠢᠨ ᠱᠧᠩ | ᠲᠠᠨᠢᠯᠴᠠᠭᠤᠯᠬᠤ ᠳᠠᠭᠠᠨ᠂ ᠬᠥᠮᠦᠨ ᠤᠰᠤᠨ ᠳᠤ ᠵᠢᠪᠪᠦᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠪᠢᠳᠡᠨ ᠤ | ᠠᠮᠢᠰᠬᠤᠯ ᠤᠨ ᠵᠠᠮ ᠢ ᠬᠦᠨᠳᠦ ᠨᠣᠴᠢᠲᠠᠢ ᠪᠦᠭᠯᠡᠵᠥ᠂ ᠠᠭᠤᠰᠬᠢᠨ ᠤ ᠬᠦᠴᠢᠯᠲᠥ᠋ᠷᠥᠭᠴᠢ ᠪᠣᠯᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠶᠢᠨ ᠰᠣᠯᠢᠯᠴᠠᠭ᠎ᠠ ᠳᠤ ᠬᠠᠷᠰᠢ ᠰᠠᠭᠠᠳ | ᠤᠴᠠᠷᠠᠭᠤᠯᠵᠦ ᠠᠮᠢᠰᠬᠤᠯ ᠪᠥᠭᠯᠡᠷᠡᠳᠡᠭ︔ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠤᠰᠤ ᠪᠠ ᠪᠣᠰᠣᠳ | ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ ᠥᠭᠴᠦ ᠵᠠᠩᠭᠢᠷᠠᠬᠤ | ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ ᠪᠠᠶᠢᠳᠠᠯ ᠨᠢ ᠴᠥᠮ ᠬᠥᠮᠦᠨ ᠢ | ᠦᠬᠦᠭᠦᠯᠳᠡᠭ ᠶᠤᠮ᠃ ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ | ᠳᠤᠲᠠᠪᠠᠯ ᠲᠠᠷᠢᠬᠢᠨ ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ | ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠠᠶᠢᠳᠠᠭ᠃ | ᠤᠰᠤᠨ ᠳᠤ ᠤᠨᠠᠪᠠᠯ ᠥᠪᠡᠷ ᠢ ᠪᠠᠨ ᠢᠩᠭᠢᠵᠦ ᠠᠪᠤᠷᠠᠭᠠᠷᠠᠶ | ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ ᠣᠷᠣᠨ ᠢ ᠬᠡᠷᠬᠢᠨ ᠢᠯᠭᠠᠨ | ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ ᠵᠢᠩᠬᠢᠨᠢ ᠤᠮᠪᠠᠯᠲᠠ ᠶᠢᠨ ᠭᠠᠵᠠᠷ ︵ᠠᠮᠤᠷ ᠢ | ᠬᠠᠮᠠᠭᠠᠯᠠᠭᠴᠢ ᠪᠠ ᠤᠰᠤᠨ ᠤ ᠭᠦᠨ ᠭᠦᠢᠬᠡᠨ ᠤ ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ ᠪᠤᠰᠤᠳ ᠠᠮᠤᠷ ᠢ | ᠬᠠᠮᠠᠭᠠᠯᠠᠬᠤ ᠬᠦᠮᠣᠨ ᠪᠠᠶᠢᠬᠤ ᠦᠬᠡᠢ ᠪᠠ ᠠᠮᠤᠷ ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ ᠳᠣᠣᠷ᠎ᠠ | ᠴᠥᠭᠦᠷᠥᠮ᠂ ᠭᠤᠣᠯ ᠮᠥᠷᠡᠨ᠂ ᠳᠠᠯᠠᠢ ᠶᠢᠨ ᠤᠰᠤᠨ ᠳᠤ ᠣᠴᠢᠵᠤ ᠤᠰᠤ ᠨᠠᠭᠠᠳᠴᠤ ᠪᠣᠯᠬᠤ ᠦᠬᠡᠢ᠃ | ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ ᠨᠢ ᠬᠦᠷᠲᠡᠯ᠎ᠡ ᠤᠰᠤᠨ ᠳᠤ ᠵᠢᠪᠬᠦ ᠠᠶᠤᠯ ᠲᠠᠢ ᠭᠡᠳᠡᠭ ᠢ | ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃ | ᠡᠭᠦᠨ ᠤ ᠬᠠᠮᠲᠤ᠂ ᠬᠡᠦᠬᠡᠳ ᠲᠤ ᠵᠥᠪ ᠣᠨᠣᠪᠴᠢᠲᠠᠢ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ | ᠬᠡᠷᠡᠭᠲᠡᠢ᠃ ᠵᠢᠱᠢᠶᠡᠯᠡᠪᠡᠯ᠂ ᠤᠰᠤᠨ ᠳᠤ ᠤᠮᠪᠠᠭ᠋ᠤ ᠦᠶ᠎ᠡ ᠳᠤ ᠬᠦᠯ ᠤᠨ ᠪᠤᠯᠴᠢᠩ ᠤᠨ ᠰᠢᠷᠪᠥᠰᠥ ᠲᠠᠲᠠᠬᠤ | ᠪᠠᠶᠢᠳᠠᠯ ᠭᠠᠷᠳᠠᠭ᠃ ᠡᠨᠡ ᠦᠶ᠎ᠡ ᠳᠤ ᠰᠢᠷᠪᠥᠰᠥ ᠲᠠᠲᠠᠭᠰᠠᠨ ᠬᠥᠯ ᠤᠨ ᠬᠤᠷᠤᠭᠤ ᠶᠢ ᠭᠠᠷ ᠢᠶᠠᠷ ᠢᠶᠠᠨ ᠠᠳᠬᠤᠵᠤ | ᠂ ᠳᠡᠭᠡᠭᠰᠢ ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ ᠰᠤᠩᠭᠠᠵᠤ ᠪᠣᠯᠤᠨ᠎ᠠ᠃ ᠨᠥᠭᠦᠭᠡ | ᠭᠠᠷ ᠢᠶᠠᠷ ᠢᠶᠠᠨ ᠤᠰᠤ ᠰᠡᠯᠢᠵᠦ᠂ ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ ᠬᠦᠪᠪᠤᠭᠦᠯᠦᠨ᠎ᠡ᠃ ᠡᠭᠦᠨ ᠠᠴᠠ | ᠭᠠᠳᠠᠨ᠎ᠠ᠂ ᠤᠮᠪᠠᠵᠤ ᠴᠢᠳᠠᠬᠤ ᠦᠭᠡᠢ ᠬᠥᠮᠦᠨ ᠵᠣᠯ ᠪᠤᠰᠤ ᠪᠠᠷ ᠤᠰᠤᠨ ᠳᠤ ᠣᠨᠠᠪᠠᠯ᠂ ᠡᠩ ᠲᠡᠷᠢᠭᠦᠨ ᠳᠤ | ᠯᠠᠪᠳᠠᠭᠤᠨ ᠲᠣᠭᠲᠠᠭᠤᠨ ᠪᠠᠶᠢᠵᠤ᠂ ᠪᠡᠶ᠎ᠡ ᠪᠠᠨ ᠳᠡᠭᠡᠭᠰᠢ ᠬᠠᠨᠳᠣᠭᠤᠯᠣᠨ᠂ ᠲᠣᠯᠣᠭᠠᠢ ᠪᠠᠨ ᠠᠷᠤᠨᠰᠢ ᠪᠠᠨ | ᠬᠡᠳᠦᠶᠢᠵᠦ᠂ ᠠᠮᠠ ᠬᠠᠮᠠᠷ ᠢᠶᠠᠨ ᠠᠯᠢ ᠴᠢᠳᠠᠬᠤ ᠪᠠᠷ ᠤᠰᠤᠨ ᠳᠡᠭᠡᠷ᠎ᠡ ᠭᠠᠷᠭᠠᠵᠤ᠂ ᠴᠢᠳᠠᠬᠤ ᠶᠢᠨ ᠬᠢᠷᠢ ᠪᠠᠷ | ᠪᠡᠶ᠎ᠡ ᠪᠠᠨ ᠣᠰᠣᠨ ᠳᠤ ᠵᠢᠪᠪᠦᠭᠦᠯᠬᠦ ᠦᠭᠡᠢ ᠪᠠᠶᠢᠵᠣ᠂ ᠪᠡᠶ᠎ᠡ ᠲᠡᠭᠡᠷᠡᠬᠢ ᠬᠦᠨᠳᠦ ᠶᠠᠭᠤᠮ᠎ᠠ ᠪᠠᠨ ᠲᠠᠶᠠᠭᠳᠠᠨ᠂ | ᠭᠠᠷ ᠢᠶᠠᠨ ᠤᠰᠤᠨ ᠲᠣᠳᠣᠷ᠎ᠠ ᠪᠠᠶᠢᠯᠭᠠᠬᠤ ᠬᠡᠷᠡᠭᠲᠡᠢ᠂ ᠳᠡᠭᠡᠭᠰᠢ ᠡᠷᠭᠦᠵᠦ ᠪᠣᠯᠬᠤ ᠦᠭᠡᠢ᠂ ᠬᠡᠲᠦᠷᠬᠡᠶ | ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ ᠲᠤᠰᠠᠯᠠᠬᠤ ᠶᠢ ᠬᠦᠯᠢᠶᠡᠨ᠎ᠡ᠃ | ᠤᠰᠤᠨ ᠳᠤ ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ ᠪᠠᠶᠢᠬᠤ ᠬᠡᠷᠡᠭᠲᠡᠶ | ᠬᠡᠷᠪᠡ ᠬᠠᠵᠠᠭᠤ ᠳᠤ ᠴᠢᠨᠢ ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ ᠡᠮᠴᠢ | ᠵᠣ᠋ ᠯᠢᠨ ᠱᠧᠩ ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ ᠬᠢᠷᠢ | ᠪᠠᠷ ᠢᠶᠠᠨ ᠠᠪᠤᠷᠠᠬᠤ ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ ᠦᠭᠡᠢ᠃ | ᠠᠪᠤᠷᠠᠭᠴᠢ ᠨᠢ ᠨᠠᠩ ᠣᠯᠠᠨ ᠬᠥᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ ᠬᠠᠮᠵᠢᠭᠤᠯᠬᠤ | ᠬᠡᠷᠡᠭᠲᠡᠶ᠂ ᠡᠭᠦᠨ ᠤ ᠬᠠᠮᠲᠤ ᠤᠰᠤᠨ ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ ᠮᠣᠳᠣᠨ | ᠬᠠᠪᠲᠠᠰᠤ ᠵᠡᠷᠭᠡ ᠪᠠᠷ ᠤᠰᠤᠨ ᠳᠤ ᠵᠢᠪᠪᠦᠭᠰᠡᠨ ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ ᠠᠪᠣᠷᠠᠵᠣ | ᠪᠣᠯᠣᠨ᠎ᠠ᠃ ᠬᠡᠷᠪᠡ ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ ᠪᠠᠴᠢᠮ ᠪᠠᠶᠢᠪᠠᠯ᠂ ᠳᠠᠷᠤᠶ ᠲᠦᠷᠭᠡᠨ 120 | ᠲᠦᠷᠭᠡᠨ ᠠᠪᠤᠷᠠᠬᠤ ᠤᠲᠠᠰᠤ ᠠᠪᠬᠤ ᠬᠡᠷᠡᠭᠲᠡᠶ᠃ | ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ ᠲᠦᠪᠰᠢᠨ ᠭᠡᠰᠡᠨ ᠢ ᠨᠤᠲᠠᠯᠠᠭᠰᠠᠨ ᠤ | ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ ᠠᠪᠤᠷᠠᠯᠲᠠ ᠬᠢᠭᠰᠡᠳ ᠤᠰᠤᠨ ᠳᠤ | ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ ᠲᠤᠯᠵᠤ᠂ ᠠᠮᠢᠰᠬᠤᠵᠤ ᠴᠢᠳᠠᠬᠤ ᠶᠢ | ᠪᠠᠲᠤᠯᠠᠵᠤ᠂ ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃ ᠲᠦᠷᠭᠡᠨ ᠠᠪᠤᠷᠠᠯᠲᠠ ᠶᠢᠨ ᠬᠥᠮᠦᠰ ᠬᠦᠷᠴᠦ ᠢᠷᠡᠬᠦ ᠠᠴᠠ | ᠡᠮᠦᠨ᠎ᠡ᠂ ᠤᠰᠤᠨ ᠳᠤ ᠵᠢᠪᠪᠦᠭᠰᠡᠨ ᠬᠥᠮᠦᠨ ᠢ ᠲᠡᠭᠰᠢᠬᠡᠨ ᠭᠠᠵᠠᠷ ᠳᠡᠭᠡᠷ᠎ᠡ ᠭᠡᠪᠲᠡᠭᠦᠯᠵᠦ᠂ ᠠᠮᠠᠨ ᠤ ᠬᠥᠨᠳᠡᠶ᠂ | ᠬᠠᠮᠠᠷ ᠤᠨ ᠰᠠᠮᠰᠠ ᠳᠤ ᠣᠷᠣᠭᠰᠠᠨ ᠪᠣᠳᠠᠰ ︵ᠵᠢᠱᠢᠶᠡᠯᠡᠪᠡᠯ ᠯᠠᠭ ᠰᠢᠪᠡᠷ᠂ ᠪᠤᠵᠠᠷ ᠡᠪᠡᠰᠦ ᠵᠡᠷᠭᠡ︶ ᠢ ᠲᠦᠷᠭᠡᠨ | ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ ᠵᠢᠪᠪᠦᠭᠰᠡᠨ ᠬᠥᠮᠦᠨ ᠤ ᠲᠣᠯᠣᠭᠠᠶ ᠶᠢ ᠬᠠᠵᠠᠶᠢᠯᠭᠠᠵᠤ᠂ ᠵᠠᠯᠬᠢᠭᠰᠠᠨ | ᠤᠰᠤ ᠶᠢ ᠨᠢ ᠠᠮᠠ ᠪᠠᠷ ᠨᠢ ᠤᠷᠤᠰᠬᠠᠨ ᠭᠠᠷᠭᠠᠵᠤ᠂ ᠳᠠᠬᠢᠨᠲ᠋ᠣᠯᠣᠭᠠᠶ ᠶᠢ ᠨᠢ ᠲᠡᠭᠡᠭᠡᠰᠢ ᠪᠠᠨ ᠬᠠᠨᠳᠣᠭᠤᠯᠣᠨ᠎ᠠ᠃ | ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ ᠮᠡᠳᠡᠷᠡᠯ ᠪᠠ ᠠᠮᠢᠰᠬᠤᠭ᠎ᠠ ᠶᠢ ᠲᠦᠷᠭᠡᠨ | ᠮᠠᠭᠠᠳᠯᠠᠨ᠎ᠠ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ ᠦᠭᠡᠢ ᠪᠣᠯ ᠳᠠᠷᠦ᠋ᠢᠬᠠᠨ ᠵᠢᠷᠦᠬᠡ ᠠᠭᠤᠰᠭᠢ ᠶᠢ | ᠰᠡᠷᠭᠦᠭᠡᠬᠦ ᠠᠪᠣᠷᠠᠯᠳᠠ ᠬᠢᠨ᠎ᠡ᠂ ᠬᠠᠷᠢᠨ ᠤᠰᠤ ᠭᠠᠷᠠᠭᠠᠬᠤ ᠶᠢ ᠶᠠᠭᠠᠷᠠᠵᠤ ᠪᠣᠯᠬᠤ ᠦᠭᠡᠢ᠂ ᠤᠴᠢᠷ ᠨᠢ | ᠤᠰᠤᠨ ᠳᠤ ᠵᠢᠪᠬᠦ ᠦᠶ᠎ᠡ ᠳᠤ ᠬᠡᠳᠦᠨ ᠮᠢᠨᠦ᠋ᠲ ᠤᠨ ᠳᠣᠲᠣᠷ᠎ᠠ ᠤᠰᠤᠨ ᠳᠤ ᠵᠢᠪᠪᠦᠭᠰᠡᠨ ᠬᠥᠮᠦᠨ ᠤ | ᠲᠥᠪᠣᠩᠬᠡᠶ ᠶᠢᠨ ᠠᠪᠴᠢᠯᠲᠠ ᠠᠴᠠ ᠪᠣᠯᠵᠣ᠂ ᠤᠰᠤ ᠨᠢ ᠬᠤᠭᠤᠯᠠᠢ ᠪᠠᠷ ᠳᠡᠮᠵᠢᠨ ᠠᠭᠤᠰᠬᠢᠨ ᠳᠤ ᠣᠷᠣᠳᠠᠭ ᠥᠬᠡᠶ | ᠃ ᠡᠨᠡ ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠠᠭᠠᠬᠤ ᠶᠠᠪᠤᠴᠠ ᠳᠤ | ᠬᠤᠳᠣᠭᠤᠳᠣᠨ ᠳᠣᠲᠣᠷᠠᠬᠢ ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ ᠠᠶᠤᠯ ᠢ | ᠨᠡᠮᠡᠭᠳᠡᠭᠦᠯᠳᠡᠭ᠃ |