ᠴᠢᠩ ᠱᠦᠶ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 22 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-16
     7 ᠳ᠋ᠤᠭᠠᠷ ᠰᠠᠷ᠎ᠠ ᠶᠢᠨ 10 ᠤ ᠡᠳᠦᠷ᠂ ᠴᠢᠩ ᠱᠦᠶ ᠾᠧ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 22 ᠳ᠋ᠤᠭᠠᠷ ᠤᠳᠠᠭ᠎ᠠ ᠶᠢᠨ ᠬᠤᠷᠠᠯ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠬᠡᠷ ᠲᠤ ᠬᠤᠷᠠᠯᠳᠤᠭᠤᠯᠪᠠ᠃ ᠬᠤᠷᠠᠯ ᠳᠤ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠰᠢᠶᠠᠨ ᠤ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠡᠯ᠎ᠡ ᠠᠵᠢᠯᠯᠠᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠬᠠᠶ ᠲᠠᠨᠢᠯᠲᠠ ᠪᠠᠨ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠦᠨᠳᠦ ᠨᠣᠴᠢᠲᠤ ᠴᠢᠨᠠᠷ ᠢ ᠲᠣᠳᠣᠷᠬᠠᠶ ᠲᠠᠨᠢᠬᠤ ᠬᠡᠷᠡᠭᠲᠡᠶ᠃ ᠬᠢᠵᠢᠭ ᠲᠠᠢ ᠬᠥᠮᠦᠰ ᠮᠠᠨ ᠤ ᠰᠢᠶᠠᠨ ᠳᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠢᠳᠠᠯ ᠤᠨ ᠡᠳᠦᠷ ᠲᠤᠲᠤᠮ ᠤᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠵᠣᠯᠭᠠᠭᠤᠯᠵᠤ᠂ ᠰᠤᠯᠠᠷᠠᠭᠤᠯᠤᠯ ᠦᠭᠡᠢ᠂ ᠬᠡᠪᠰᠢᠭᠰᠡᠨ ᠠᠵᠢᠯ ᠤᠨ ᠳᠦᠷᠢᠮ ᠢ ᠪᠤᠢ ᠪᠣᠯᠭᠠᠬᠤ ᠬᠡᠷᠡᠭᠲᠡᠶ᠃ ᠡᠯ᠎ᠡ ᠲᠤᠰᠬᠠᠶ ᠵᠦᠢᠯ ᠤᠨ ᠳᠤᠭᠤᠶᠢᠯᠠᠩ ᠤᠨ ᠳᠠᠷᠤᠭ᠎ᠠ ᠪᠦᠷᠢᠯᠳᠦᠬᠦᠨ ᠨᠢᠭᠡᠴᠡ ᠨᠦᠭᠦᠳ ᠰᠠᠬᠢᠯᠭ᠎ᠠ ᠪᠠᠲᠤ ᠶᠢ ᠴᠢᠩᠭᠠᠳᠬᠠᠬᠤ ᠳᠤ ᠨᠠᠶᠢᠳᠠᠨ ᠬᠠᠮᠢᠶᠠᠷᠤᠭᠤᠯᠬᠤ ᠦᠵᠡᠭᠳᠡᠯ ᠭᠠᠷᠴᠤ ᠪᠣᠯᠬᠤ ᠦᠭᠡᠢ᠃ ᠪᠠᠶᠢᠴᠠᠭᠠᠵᠤ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠷᠡᠭᠦᠯ ᠬᠠᠮᠠᠭᠠᠯᠠᠯ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠵᠢᠯᠣᠭᠤᠳᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠬᠠᠷᠢᠴᠠᠭᠤᠯᠤᠯ ᠢ ᠴᠢᠩᠭᠠᠳᠬᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠳ᠋ᠦᠩᠨᠡᠨ ᠠᠬᠢᠭᠤᠯᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ ︽ᠨᠠᠷᠢᠯᠢᠭ ᠣᠨᠣᠴᠠᠲᠠᠶ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯᠲᠠᠨ ᠤ ᠡᠮᠬᠢ ᠵᠢᠷᠤᠮ ᠲᠠᠢ ᠪᠠᠷ ᠰᠢᠯᠵᠢᠭᠦᠯᠬᠦ ᠶᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠳ᠋ᠧ ᠮᠢᠩ ︽ᠬᠢᠵᠢᠭ ᠤᠨ ᠪᠠᠶᠢᠳᠠᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠤᠯᠠᠮᠵᠢᠯᠠᠪᠠ᠃ ᠰᠢᠶᠠᠨ ᠤ ᠳᠡᠳ᠋ ᠳᠠᠷᠤᠭ᠎ᠠ ᠱᠢ ᠶᠦᠩ ᠫᠢᠩ ︽ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠠᠵᠢᠯᠲᠠᠨ ᠢ ᠡᠮ ᠬᠢ ᠵᠢᠷᠤᠮ ᠲᠠᠢ ᠪᠠᠷ ᠰᠢᠯᠵᠢᠭᠦᠯᠬᠦ ᠶᠢ ᠲᠣᠬᠢᠷᠠᠭᠤᠯᠬᠤ ᠲᠤᠬᠠᠶ ᠮᠡᠳᠡᠭᠳᠡᠯ︾ ᠢ ᠤᠯᠠᠮᠵᠢᠯᠠᠵᠤ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ ᠽᠠᠢ ᠵᠢᠶᠦ᠋ᠨ ︽ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 43 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ︾ ᠶᠢ ᠤᠯᠠᠮᠵᠢᠯᠠᠪᠠ ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1