| | ᠭᠤᠣᠯ ᠮᠥᠷᠡᠨ ᠳᠤ ᠬᠠᠷᠢᠭᠤᠴᠠᠬᠤ ᠳᠠᠷᠤᠭ᠎ᠠ ᠶᠢᠨ ᠳᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠬᠦ ᠶᠢᠨ ᠳᠤᠰᠠᠳᠠ᠂ 7 ᠳ᠋ᠤᠭᠠᠷ ᠰᠠᠷ᠎ᠠ ᠶᠢᠨ 1 ᠤ ᠦᠳᠡ ᠡᠮᠦᠨ᠎ᠡ᠂ ᠰᠢᠶᠠᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ | ᠮᠢᠨ ᠴᠦᠨ ᠨᠡᠷ ᠪᠧᠶ ᠪᠦᠦ ᠰᠢᠶᠠᠩ ᠤᠨ ᠶᠠᠩ ᠵᠢᠶᠠ ᠴᠤᠸᠠᠨ ᠭᠤᠣᠯ ᠤᠨ ᠬᠡᠰᠡᠭ ᠲᠤ ᠬᠦᠷᠴᠦ ᠭᠤᠤᠯ ᠴᠠᠭᠳᠠᠬᠤ | ᠠᠵᠢᠯ ᠥᠷᠨᠢᠭᠦᠯᠪᠡ᠃ ᠭᠤᠤᠯ ᠮᠥᠷᠡᠨ ᠳᠤ ᠬᠠᠷᠢᠭᠤᠴᠠᠬᠤ ᠳᠠᠷᠤᠭ᠎ᠠ ᠶᠢᠨ ᠲᠦᠷᠢᠮ ᠤᠨ ᠠᠵᠢᠯ ᠢ ᠰᠢᠮᠳᠠᠭᠤᠯᠤᠨ | ᠪᠠᠶᠢᠴᠠᠭᠠᠪᠠ᠃ | ᠵᠠᠩ ᠮᠢᠨ ᠴᠦᠨ ᠨᠡᠷ ᠶᠠᠩ ᠵᠢᠶᠠ ᠴᠤᠸᠠᠨ ᠭᠤᠣᠯ ᠤᠨ ᠵᠠᠮ ᠳᠤ ᠬᠦᠷᠴᠦ᠂ ᠲᠤᠬᠠᠶ ᠶᠢᠨ ᠲᠠᠯᠠᠪᠤᠷ ᠲᠤ | ᠭᠤᠤᠯ ᠤᠨ ᠵᠠᠮ ᠤᠨ ᠪᠠᠶᠢᠳᠠᠯ ᠵᠢᠴᠢ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠨᠠᠷᠢᠨ | ᠬᠢᠨᠠᠮᠠᠭᠠᠶ ᠪᠠᠶᠢᠴᠠᠭᠠᠨ ᠦᠵᠡᠵᠦ᠂ ᠭᠤᠤᠯ ᠳᠤ ᠮᠥᠷᠡᠨ ᠳᠤ ᠬᠠᠷᠢᠭᠤᠴᠠᠬᠤ ᠳᠠᠷᠤᠭ᠎ᠠ ᠶᠢᠨ ᠲᠦᠷᠢᠮ ᠤᠨ ᠢᠯᠡ | ᠨᠡᠶᠢᠲᠡᠯᠡᠬᠦ ᠫᠠᠢᠰᠠ ᠵᠡᠷᠭᠡ ᠬᠠᠮᠢᠶ᠎ᠠ ᠪᠥᠬᠦᠶ ᠪᠠᠶᠢᠳᠠᠯ ᠢ ᠣᠶᠢᠯᠠᠭᠠᠪᠠ᠃ ᠭᠤᠣᠯ ᠢ ᠴᠠᠭᠳᠠᠬᠤ ᠶᠠᠪᠤᠴᠠ ᠳᠤ ᠵᠠᠩ ᠮᠢᠨ | ᠴᠦᠨ ᠪᠠᠰᠠ ᠲᠤᠬᠠᠶ ᠶᠢᠨ ᠲᠠᠯᠠᠪᠠᠶ ᠳᠤ ᠪᠧᠶ ᠪᠦᠦ ᠰᠢᠶᠠᠩ ᠤᠨ ᠭᠠᠩ ᠤᠨ ᠪᠠᠶᠢᠳᠠᠯ ᠢ ᠣᠶᠢᠯᠠᠭᠠᠵᠤ᠂ ᠲᠠᠷᠢᠶᠠᠨ | ᠭᠠᠵᠠᠷ ᠲᠤ ᠬᠦᠷᠴᠦ ᠲᠠᠷᠢᠮᠠᠯ ᠤᠨ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠡᠶ᠃ ᠪᠧᠶ ᠪᠦᠦ ᠰᠢᠶᠠᠩ ᠭᠠᠩ ᠲᠠᠢ | ᠲᠡᠮᠡᠴᠡᠵᠦ ᠣᠷᠣᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠵᠠᠩ ᠮᠢᠨ ᠴᠦᠨ ᠵᠢᠭᠠᠵᠤ ᠭᠠᠷᠭᠠᠭᠰᠠᠨ ᠨᠢ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠭᠤᠣᠯ ᠮᠥᠷᠡᠨ ᠳᠤ | ᠬᠠᠷᠢᠭᠤᠴᠠᠬᠤ ᠳᠠᠷᠤᠭ᠎ᠠ ᠶᠢᠨ ᠲᠦᠷᠢᠮ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ | ᠪᠣᠯᠤᠨ ᠲᠤᠯᠭᠠᠮ᠎ᠠ ᠰᠡᠳᠬᠢᠯᠭᠡ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠲᠣᠭᠤᠷᠢᠨ ᠪᠠᠶᠢᠴᠠᠭᠠᠵᠤ | ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ᠂ ᠤᠰᠤᠨ ᠤ ᠠᠮᠢ | ᠠᠬᠤᠶ ᠶᠢ ᠡᠪᠳᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠪᠦᠷᠢᠡᠯᠵᠦ᠂ ︽ᠭᠤᠤᠯ ᠨᠢ ᠰᠢᠯᠤᠭᠤᠨ | ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠬᠠᠷᠠᠯᠲᠠ ᠶᠢ ᠴᠢᠷᠮᠠᠶᠢᠨ | ᠪᠡᠶᠡᠯᠡᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠡᠯᠡᠳᠬᠡᠯ | ᠠᠵᠢᠯ ᠢ ᠴᠢᠩᠭ᠎ᠠ ᠨᠢᠮᠪᠠᠶ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠪᠸᠢ ᠪᠦ᠋ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠴᠠᠢ ᠪᠦᠦ ᠲᠦᠩ᠂ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠩ ᠶᠦᠩ ᠱᠧᠩ ᠭᠤᠣᠯ ᠴᠠᠭᠳᠠᠬᠤ ᠳᠤ ᠪᠠᠷ᠎ᠠ ᠪᠣᠯᠪᠠ᠃ | |