ᠶᠦᠨ ᠯᠢᠨ ᠴᠢᠶᠦ᠋ᠩ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2020/7/27
 
     ᠣᠶᠢᠷ᠎ᠠ ᠳᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠤᠷᠢᠳ ᠬᠤᠵᠢᠳ ᠯᠠᠮᠠ ᠶᠢᠨ ᠲᠣᠬᠤᠢ ᠪᠠᠯᠭᠠᠰᠤ᠂ ᠶᠣᠣ ᠭᠸᠦ ᠰᠢᠶᠠᠩ᠂ ᠯᠣᠤ ᠨᠢᠤ ᠸᠠᠨ ᠪᠠᠯᠭᠠᠰᠤᠨ ᠳᠤ ᠭᠦᠨᠵᠡᠭᠡᠶᠢᠷᠡᠨ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠪᠠ᠃      ᠯᠠᠮᠠ ᠶᠢᠨ ᠲᠣᠬᠤᠢ ᠪᠠᠯᠭᠠᠰᠤ᠂ ᠶᠣᠣ ᠭᠸᠦ ᠰᠢᠶᠠᠩ ᠤᠨ ᠠᠷᠠᠳ ᠤᠨ ᠵᠠᠰᠠᠭ ᠤᠨ ᠣᠷᠳᠣᠨ ᠳᠤ᠂ ᠶᠦᠨ ᠯᠢᠨ ᠴᠢᠶᠦ᠋ᠩ ᠥᠭᠡᠷᠡᠴᠢᠯᠡᠯᠲᠡ ᠶᠢᠨ ᠳᠠᠷᠠᠭᠠᠬᠢ ᠰᠢᠨ᠎ᠡ ᠪᠠᠶᠢᠭᠤᠯᠤᠮᠵᠢ ᠶᠢᠨ ᠫᠠᠶᠢᠰᠠ ᠡᠯᠭᠦᠭᠰᠡᠨ ᠪᠠ ᠰᠢᠶᠠᠩ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠲᠣᠰ ᠲᠣᠰ ᠪᠠᠶᠢᠴᠠᠭᠠᠨ ᠦᠵᠡᠵᠦ᠂ ᠰᠢᠨ᠎ᠡ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠠᠵᠢᠯᠲᠠᠨ ᠤ ᠣᠷᠣᠨ ᠲᠤᠭ᠎ᠠ᠂ ᠠᠵᠢᠯᠯᠠᠭᠠᠨ ᠤ ᠲᠣᠭᠲᠠᠴᠠ᠂ ᠬᠠᠮᠢᠶᠠᠷᠤᠯᠲᠠ ᠶᠢᠨ ᠵᠠᠭᠪᠤᠷ ᠵᠢᠴᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠪᠠ᠃      ᠶᠦᠨ ᠯᠢᠨ ᠴᠢᠶᠦᠩ ᠵᠢᠭᠠᠵᠤ ᠭᠠᠷᠭᠠᠭᠰᠠᠨ ᠨᠢ᠂ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠰᠠᠶᠢᠨ ᠤᠤ ᠦᠭᠡᠢ ᠦᠦ᠂ ᠵᠠᠩᠭᠢᠯᠠᠭ᠎ᠠ ᠨᠢ ᠵᠠᠰᠠᠭ ᠵᠠᠬᠢᠷᠭᠠᠨ ᠤ ᠦᠷ᠎ᠡ ᠪᠦᠲᠦᠮᠵᠢ ᠥᠨᠳᠥᠷ ᠡᠰᠡᠬᠦ᠂ ᠦᠨᠳᠦᠰᠦᠨ ᠱᠠᠲᠤᠨ ᠤ ᠲᠥᠷᠥ ᠪᠠᠷᠢᠬᠤ ᠴᠢᠳᠠᠪᠤᠷᠢ ᠴᠢᠩᠭ᠎ᠠ ᠡᠰᠡᠬᠦ᠂ ᠤᠯᠠᠨ ᠲᠦᠮᠡᠨ ᠤ ᠤᠴᠢᠷ ᠶᠠᠪᠤᠳᠠᠯ ᠪᠦᠲᠦᠭᠡᠬᠦ ᠳᠤ ᠨᠡᠩ ᠲᠦᠬᠦᠮ ᠪᠠᠶᠢᠬᠤ ᠡᠰᠡᠬᠦ ᠳᠤ ᠪᠠᠶᠢᠳᠠᠭ᠃ ᠡᠯ᠎ᠡ ᠰᠢᠶᠠᠩ ᠪᠠᠯᠭᠠᠰᠤ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠫᠠᠶᠢᠰᠠ ᠡᠯᠭᠦᠵᠦ᠂ ᠤᠳᠤᠷᠢᠳᠬᠤ ᠪᠠᠭ ᠢ ᠰᠠᠶᠢᠲᠤᠷ ᠪᠠᠶᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠣᠯᠤᠨ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ︽ᠭᠡᠷ ᠤᠨ ᠡᠭᠦᠳᠡ︾ ᠶᠢᠨ ᠶᠠᠪᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠭᠡᠵᠡᠢ᠃      ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ᠬᠠᠤᠯᠢ ᠬᠡᠷᠡᠭᠵᠢᠭᠦᠯᠬᠦ ᠬᠦᠴᠦᠨ ᠢ ᠰᠢᠶᠠᠩ ᠪᠠᠯᠭᠠᠰᠤ ᠳᠤ ᠪᠠᠭᠤᠯᠭᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠣᠯᠠᠨ ᠡᠰᠢ ᠪᠠᠷ ᠣᠷᠣᠯᠴᠠᠵᠤ᠂ ᠵᠠᠷᠭᠤ ᠡᠶᠡᠳᠡᠭᠦᠯᠭᠡ ᠶᠢ ᠵᠣᠯᠭᠠᠭᠤᠯᠵᠤ᠂ ᠰᠢᠯᠤᠭᠤᠳᠬᠠᠬᠤ ᠪᠠ ᠲᠦᠭᠵᠢᠬᠦ ᠶᠢ ᠤᠶᠠᠯᠳᠤᠭᠤᠯᠵᠤ᠂ ᠵᠥᠷᠢᠴᠡᠯ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃ ᠯᠠᠮᠠ ᠶᠢᠨ ᠲᠣᠬᠤᠢ ᠪᠠᠯᠭᠠᠰᠤ ᠪᠠᠬᠢᠯᠡᠯᠲᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠵᠥᠷᠢᠴᠡᠯ ᠵᠢᠭᠤᠷᠠᠭᠠᠨ ᠢ ᠠᠷᠢᠯᠭᠠᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠢ ᠤᠷᠢᠳᠠᠪᠠᠷ ᠪᠠᠶᠢᠭᠤᠯᠵᠤ᠂ ᠡᠯ᠎ᠡ ᠰᠢᠶᠠᠩ ᠪᠠᠯᠭᠠᠰᠤᠨ ᠤ ᠰᠤᠷᠤᠯᠴᠠᠭᠤᠰᠢᠲᠠᠢ ᠪᠠᠶᠢᠨ᠎ᠠ᠃ ᠯᠠᠮᠠ ᠶᠢᠨ ᠲᠣᠬᠤᠢ ᠪᠠᠯᠭᠠᠰᠤ ᠨᠢ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠵᠤ᠂ ᠵᠦᠶ ᠵᠣᠬᠢᠰᠲᠠᠶ ᠠᠭᠤᠷ ᠠᠮᠢᠰᠬᠤᠯ ᠢ ᠪᠤᠢ ᠪᠣᠯᠭᠠᠬᠤ ᠪᠠᠷ ᠳᠠᠮᠵᠢᠭᠤᠯᠤᠨ᠂ ᠲᠤᠰᠬᠠᠶᠢᠵᠢᠭᠰᠠᠨ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠵᠠᠬᠢᠳᠠᠯ ᠰᠤᠷᠪᠤᠯᠵᠢᠯᠠᠯ ᠢ ︽ᠰᠡᠳᠬᠢᠯᠭᠡ︾ ᠪᠠᠷ ᠠᠷᠢᠯᠭᠠᠵᠤ᠂ ᠤᠴᠢᠷ ᠶᠠᠪᠤᠳᠠᠯ ᠰᠡᠳᠬᠢᠯ ᠬᠤᠶᠠᠷ ᠢ ᠰᠢᠢᠳᠪᠦᠷᠢᠯᠡᠵᠦ᠂ ᠮᠠᠨ ᠤ ᠰᠢᠶᠠᠨ ᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠦᠯᠢᠭᠡᠷ ᠳᠠᠭᠤᠷᠢᠶᠠᠯ ᠪᠠᠯᠭᠠᠰᠤ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃      ᠯᠠᠮᠠ ᠶᠢᠨ ᠲᠣᠬᠤᠢ ᠪᠠᠯᠭᠠᠰᠤᠨ ᠤ ᠴᠢᠶᠠᠨ ᠶᠢᠨ ᠲᠣᠰᠬᠤᠨ᠂ ᠶᠣᠣ ᠭᠸᠦ ᠰᠢᠶᠠᠩ ᠤᠨ ᠰᠧ ᠮᠤ᠋ ᠭᠸᠦ ᠲᠣᠰᠬᠤᠨ ᠪᠣᠯᠤᠨ ᠯᠣᠤ ᠨᠢᠤ ᠸᠠᠨ ᠪᠠᠯᠭᠠᠰᠤᠨ ᠤ ᠶᠢᠩ ᠫᠠᠨ ᠮᠤᠤ ᠲᠣᠰᠬᠤᠨ ᠳᠤ᠂ ᠶᠦᠨ ᠯᠢᠨ ᠴᠢᠶᠦᠩ ᠲᠣᠰᠬᠤᠨ ᠤ ᠱᠠᠲᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠡᠶ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠯᠠᠪᠯᠠᠨ ᠠᠰᠠᠭᠤᠵᠤ᠂ ᠲᠣᠰᠬᠤᠨ ᠤ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠬᠢᠭᠤᠯᠬᠤ ᠲᠤᠬᠠᠢ ᠣᠶᠢᠯᠠᠭᠠᠪᠠ᠃      ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠪᠣᠯ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠬᠤᠯᠠ ᠭᠤᠭᠴᠤᠭ᠎ᠠ ᠮᠥᠨ᠂ ᠡᠨᠡ ᠬᠦ ᠠᠵᠢᠯ ᠢ ᠲᠤᠪᠤᠶᠢᠮ᠎ᠠ ᠪᠠᠶᠢᠷᠢᠨ ᠳᠤ ᠲᠠᠯᠪᠢᠨ ᠪᠣᠳᠠᠲᠠᠢ ᠠᠳᠬᠤᠵᠤ᠂ ᠴᠢᠩᠭ᠎ᠠ ᠠᠳᠬᠤᠵᠤ᠂ ᠰᠠᠶᠢᠲᠤᠷ ᠠᠳᠬᠤᠬᠤ ᠬᠡᠷᠡᠭᠲᠡᠢ᠃ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠣᠷᠣᠨ ᠵᠠᠶ ᠶᠢ ᠥᠷᠭᠡᠳᠬᠡᠵᠦ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠳᠦᠯ ᠢ ᠦᠨᠡᠨᠬᠦ ᠪᠠᠳᠠᠷᠠᠭᠤᠯᠵᠤ ᠂ ᠨᠠᠮ ᠤᠨ ᠬᠡᠰᠢᠭᠦᠨ ᠤ ᠬᠥᠮᠦᠵᠢᠯ᠂ ᠨᠠᠮ ᠣᠯᠠᠨ ᠲᠦᠮᠡᠨ ᠤ ᠬᠡᠷᠡᠭ ᠵᠥᠪᠳᠡᠬᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠰᠣᠶᠣᠯ ᠪᠡᠶ᠎ᠡ ᠶᠢᠨ ᠲᠠᠮᠢᠷ ᠵᠡᠷᠭᠡ ᠣᠯᠠᠨ ᠵᠦᠢᠯ ᠤᠨ ᠴᠢᠳᠠᠮᠵᠢ ᠶᠢ ᠨᠢᠭᠡ ᠴᠣᠭᠴᠠ ᠪᠣᠯᠭᠠᠨ᠎ᠠ᠃ ︽ᠨᠠᠮ ᠤᠨ ᠡᠭᠦᠷ ᠤᠨ ᠬᠥᠲᠥᠯᠥᠨ ᠳᠠᠭᠠᠭᠤᠯᠬᠤ︾ ᠦᠢᠯᠡᠳᠦᠯ ᠪᠠ ︽ᠨᠠᠮ ᠤᠨ ᠭᠡᠰᠢᠭᠦᠨ ᠤ ᠳᠠᠶᠢᠴᠢᠯᠠᠨ ᠳᠠᠭᠠᠭᠤᠯᠬᠤ︾ ᠦᠢᠯᠡᠳᠦᠯ ᠢ ᠲᠠᠰᠤᠷᠠᠯᠲᠠ ᠥᠬᠡᠶ ᠢᠯᠡᠷᠡᠭᠦᠯᠦᠨ᠎ᠡ᠃ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠢ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠳᠤ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ᠂ ᠬᠥᠮᠦᠨ ᠤ ᠠᠮᠢᠳᠤᠷᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠠᠰᠤᠲᠠᠶᠢᠴᠤᠳ ᠤᠨ ᠡᠷᠡᠭᠦᠯ ᠮᠡᠨᠳᠦ ᠰᠤᠪᠢᠯᠠᠯᠲᠠ ᠵᠡᠷᠭᠡ ᠡᠯ᠎ᠡ ᠵᠦᠶ᠋ᠯ ᠤᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠤᠳᠤᠷᠢᠳᠬᠤ ᠪᠠᠭ ᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠢᠯᠠᠩᠭᠤᠶ᠎ᠠ ᠵᠠᠯᠠᠭᠤᠴᠤᠳ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠠᠬᠢ ᠢᠳᠡᠪᠬᠢ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠦᠰᠡᠯᠡᠩ ᠲᠠᠢ᠂ ᠴᠢᠳᠠᠪᠤᠷᠢ ᠲᠠᠢ᠂ ᠴᠢᠳᠠᠪᠤᠷᠢ ᠲᠠᠢ ᠵᠠᠯᠠᠭᠤᠴᠤᠳ ᠤᠨ ᠨᠤᠲᠤᠭ ᠤᠰᠤᠨ ᠳᠠᠭᠠᠨ ᠦᠢᠯᠡᠴᠢᠯᠡᠬᠦ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠡᠢ᠃      ᠸᠠᠩ ᡁᠢ ᠴᠢᠶᠠᠩ᠂ ᠶᠠᠩ ᠳ᠋ᠧ ᠮᠢᠩ᠂ ᠫᠠᠨ ᠵᠢᠶᠠᠨ ᠵᠢᠶᠦ᠋ᠨ᠂ ᠯᠢ ᠷᠦᠢ ᠵᠢᠶᠦ᠋ᠨ᠂ ᠯᠢ ᠵᠢᠶᠦ᠋ᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1