ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-29
     ᠣᠶᠢᠷ᠎ᠠ ᠳᠤ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠡᠷᠬᠢᠯᠡᠭᠴᠢ ᠶᠦᠨ ᠯᠢᠨ ᠴᠢᠶᠦ᠋ᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠤᠳᠤᠷᠢᠳᠤᠯᠭ᠎ᠠ ᠺᠠᠩ ᠶᠦᠩ ᠴᠢᠶᠠᠩ᠂ ᠸᠠᠩ ᡁᠢ ᠴᠢᠶᠠᠩ᠂ ᠶᠠᠩ ᠳ᠋ᠧ ᠮᠢᠩ᠂ ᠸᠠᠩ ᠴᠥᠩ ᠶᠢᠩ᠂ ᠴᠢ ᠵᠢᠶᠦ᠋ᠨ ᠬᠤ᠋ ᠵᠢᠴᠢ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ 2019 ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ 2020 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠦᠵᠡᠯ ᠰᠠᠨᠠᠭ᠎ᠠ ᠪᠠᠷ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠪᠦᠬᠦ ᠲᠠᠯ᠎ᠠ ᠶᠢ ᠬᠦᠳᠦᠯᠦᠨ ᠳᠠᠭᠠᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠢᠮᠠᠭᠲᠠ ᠪᠠᠷᠢᠮᠲᠠᠯᠠᠵᠤ᠂ ︽ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ︾ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠥᠪ ᠲᠠᠯ᠎ᠠ ᠶᠢᠨ ᠤᠬᠠᠭᠤᠯᠭ᠎ᠠ ᠶᠢᠨ ᠢᠳᠡ ᠬᠦᠴᠦᠲᠡᠢ ᠪᠠᠶᠢᠬᠤ ᠶᠢ ᠪᠠᠲᠤᠯᠠᠵᠤ᠂ ᠨᠠᠮ ᠤᠨ ᠲᠠᠭᠤᠨ ᠢ ᠰᠦᠯᠵᠢᠶᠡᠨ ᠤ ᠣᠷᠣᠨ ᠵᠠᠢ ᠶᠢᠨ ᠬᠠᠮᠤᠭ ᠤᠨ ᠴᠢᠩᠭ᠎ᠠ ᠳᠠᠭᠤᠨ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠬᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ︽ᠬᠤᠪᠢ ᠶᠢᠨ ᠡᠷᠬᠢᠯᠡᠭᠰᠡᠨ ᠵᠠᠭᠤᠴᠢᠯᠠᠭᠤᠷ ᠲᠡᠰᠢ ᠬᠡᠯᠪᠡᠶᠢᠬᠦ︾᠂ ︽ᠸᠢᠴᠠᠲ ᠲᠡᠰᠢ ᠬᠡᠯᠪᠡᠶᠢᠬᠦ︾ ᠣᠨᠴᠠᠯᠢᠭ ᠢ ᠴᠢᠬᠤᠯᠠᠴᠢᠯᠠᠵᠤ᠂ ︽ᠲᠤᠰᠬᠠᠶᠢᠵᠢᠭᠰᠠᠨ ᠮᠡᠳᠡᠭᠡᠯᠡᠯ︾ ᠪᠠ ︽ᠣᠯᠠᠨ ᠲᠦᠮᠡᠨᠴᠢᠯᠡᠭᠰᠡᠨ ᠲᠠᠶᠢᠯᠤᠮᠵᠢ︾ ᠪᠠᠷ ᠰᠡᠵᠢᠭᠯᠡᠯ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠲᠠᠨᠢᠨ ᠮᠡᠳᠡᠬᠦᠶ ᠶᠢ ᠲᠣᠳᠣᠷᠬᠠᠶᠢᠯᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠦᠯᠵᠢᠶᠡᠨ ᠤ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠥᠪᠡᠷ ᠤᠨ ᠵᠠᠭᠤᠴᠢᠯᠠᠭᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠬᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠮᠢᠶᠠᠷᠬᠤ᠂ ᠠᠵᠤ ᠠᠬᠤᠶᠢᠯᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠤᠨ ᠬᠢᠨᠠᠯᠲᠠ ᠲᠠᠯᠪᠢᠬᠤ᠂ ᠰᠦᠯᠵᠢᠶᠡᠨ ᠠᠷᠠᠳ ᠥᠪᠡᠷ ᠢ ᠪᠠᠨ ᠱᠠᠭᠠᠷᠳᠠᠬᠤ ᠵᠡᠷᠭᠡ ᠣᠯᠠᠨ ᠭᠤᠤᠯ ᠴᠣᠭᠴᠠ ᠶᠢᠨ ᠣᠷᠣᠯᠴᠠᠬᠤ ᠶᠢ ᠠᠬᠢᠭᠤᠯᠵᠤ᠂ ᠠᠵᠤ ᠠᠬᠤᠶ᠂ ᠬᠠᠤᠯᠢ ᠴᠠᠭᠠᠵᠠ᠂ ᠮᠡᠷᠭᠡᠵᠢᠯ ᠵᠡᠷᠭᠡ ᠤᠯᠠᠨ ᠠᠷᠭ᠎ᠠ ᠪᠠᠷᠢᠯ ᠢ ᠤᠶᠠᠯᠳᠤᠭᠤᠯᠤᠭᠰᠠᠨ ᠰᠦᠯᠵᠢᠶ᠎ᠡ ᠶᠢ ᠶᠡᠷᠦᠩᠬᠡᠶᠢᠯᠡᠨ ᠵᠠᠰᠠᠬᠤ ᠪᠠᠶᠢᠷᠢᠰᠢᠯ ᠢ ᠠᠬᠢᠭᠤᠯᠤᠨ ᠪᠣᠢ ᠪᠣᠯᠭᠠᠨ᠎ᠠ᠃ ᠳᠤᠮᠳᠠᠳᠤ ᠶᠢᠨ ᠵᠡᠭᠦᠳᠦ ᠪᠠ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶᠢᠷᠡᠭᠦᠯᠬᠦ ᠰᠦᠯᠵᠢᠶᠡᠨ ᠳᠡᠭᠡᠷᠡᠬᠢ ᠤᠬᠠᠭᠤᠯᠭ᠎ᠠ ᠶᠢ ᠬᠦᠴᠦᠷᠬᠡᠭᠵᠢᠭᠦᠯᠦᠨ᠂ ︽ᠪᠣᠬᠢᠷᠲᠤᠯ ᠥᠬᠡᠶ ᠲᠤᠩᠭᠠᠯᠠᠭ ᠭᠤᠤᠯ᠂ ᠪᠣᠯᠪᠠᠰᠤᠨ ᠲᠤᠩᠭᠠᠯᠠᠭ ᠭᠤᠤᠯ᠂ ᠰᠣᠶᠣᠯ ᠤᠨ ᠴᠡᠪᠡᠷ ᠭᠤᠤᠯ︾ ᠭᠡᠬᠦ ᠭᠤᠣᠯ ᠰᠡᠳᠦᠪᠲᠦ ᠰᠦᠯᠵᠢᠶᠡᠨ ᠤ ᠤᠬᠠᠭᠤᠯᠭ᠎ᠠ ᠶᠢ ᠨᠠᠷᠢᠨ ᠨᠢᠮᠪᠠᠶ ᠤᠬᠠᠭᠠᠯᠠᠵᠤ᠂ ᠨᠡᠶᠢᠭᠡᠮ ᠤᠨ ᠭᠤᠤᠯ ᠤᠷᠤᠰᠬᠠᠯ ᠤᠨ ᠦᠵᠡᠯ ᠰᠠᠨᠠᠭᠠᠨ ᠤ ᠦᠨ᠎ᠡ ᠥᠷᠲᠡᠭ ᠪᠠ ᠶᠣᠰᠣ ᠰᠤᠷᠲᠠᠬᠤᠨ ᠤ ᠰᠣᠶᠣᠯ ᠢᠶᠠᠷ ᠬᠥᠮᠦᠨ ᠤ ᠰᠡᠳᠬᠢᠯ ᠢ ᠰᠢᠮᠡᠵᠢᠭᠦᠯᠵᠦ᠂ ᠨᠡᠶᠢᠭᠡᠮ ᠢ ᠰᠢᠮᠡᠵᠢᠭᠦᠯᠦᠨ᠎ᠡ᠃ ᠰᠦᠯᠵᠢᠶᠡᠨ ᠳᠡᠭᠡᠷ᠎ᠡ ᠳᠠᠭᠤ ᠭᠠᠷᠭᠠᠬᠤ ᠶᠢ ᠬᠥᠲᠥᠯᠥᠨ ᠵᠢᠯᠣᠭᠤᠳᠬᠤ ᠳᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠴᠢᠩᠭᠠᠳᠬᠠᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠰᠦᠯᠵᠢᠶ᠎ᠡ ᠪᠠᠷ ᠳᠠᠮᠵᠢᠭᠤᠯᠤᠨ ᠤᠯᠠᠨ ᠲᠦᠮᠡᠨᠴᠢ ᠱᠤᠭᠤᠮ ᠢᠶᠠᠷ ᠢᠳᠡᠪᠬᠢᠲᠡᠶ ᠶᠠᠪᠤᠵᠤ᠂ ᠰᠦᠯᠵᠢᠶ᠎ᠡ ᠪᠠᠷ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠠᠵᠢᠯ ᠢᠶᠠᠨ ᠥᠷᠨᠢᠭᠦᠯᠬᠦ ᠬᠡᠷᠡᠭᠲᠡᠶ᠃ ᠬᠠᠤᠯᠢ ᠶᠣᠰᠣᠭᠠᠷ ᠲᠣᠣᠷ ᠰᠦᠯᠵᠢᠶ᠎ᠡ ᠶᠢ ᠬᠠᠮᠢᠶᠠᠷᠤᠨ ᠵᠠᠰᠠᠵᠤ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠳᠤ ᠲᠥᠯᠥᠪᠯᠡᠨ ᠵᠣᠬᠢᠴᠠᠭᠤᠯᠤᠭᠰᠠᠨ᠂ ᠣᠯᠠᠨ ᠰᠠᠯᠠᠭ᠎ᠠ ᠮᠥᠴᠢᠷ ᠣᠷᠣᠯᠴᠠᠭᠰᠠᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶ᠎ᠡ ᠪᠠᠷ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠶᠡᠷᠦᠩᠬᠡᠶ ᠪᠠᠶᠢᠷᠢᠰᠢᠭᠤᠯᠤᠯᠲᠠ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠲᠣᠪᠦ᠋ᠮ᠎ᠠ ᠪᠠᠶᠢᠷᠢᠨ ᠳᠤ ᠲᠠᠯᠪᠢᠵᠤ᠂ ᠢᠨᠲ᠋ᠧᠷ ᠰᠦᠯᠵᠢᠶᠡᠨ ᠤ ᠰᠡᠳᠬᠢᠬᠦᠶ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠠᠷᠭᠠᠴᠠᠵᠤ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠵᠣᠷᠢᠭᠲᠠᠶ ᠪᠠᠷ ᠳᠠᠭᠤ ᠭᠠᠷᠭᠠᠨ ᠰᠡᠯᠡᠮ᠎ᠡ ᠳᠡᠯᠭᠡᠵᠦ᠂ ᠰᠦᠯᠵᠢᠶ᠎ᠡ ᠬᠠᠮᠢᠶᠠᠷᠤᠨ ᠰᠦᠯᠵᠢᠶ᠎ᠡ ᠶᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠬᠠᠷᠢᠭᠤᠴᠠᠯᠭ᠎ᠠ ᠡᠭᠦᠷᠭᠡᠯᠡᠵᠦ᠂ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠡᠷᠡᠭᠲᠡᠶ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1