| | | | | | | | | | | | | ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ | ᠬᠤᠷᠢᠶ᠎ᠠ ᠶᠢᠨ ᠱᠦᠵᠢ ᠶᠦᠨ ᠯᠢᠨ ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠺᠠᠩ ᠶᠦᠩ ᠴᠢᠶᠠᠩ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠶᠡᠭᠡ | ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠪᠣᠯᠤᠨ ᠬᠡᠰᠡᠭ ᠴᠡᠷᠢᠭ ᠠᠴᠠ ᠬᠠᠯᠠᠭᠳᠠᠭᠰᠠᠳ ᠤᠨ ᠭᠡᠷ ᠲᠤ | ᠭᠦᠨᠵᠡᠭᠡᠶᠢᠷᠡᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦ ᠬᠦᠷᠭᠡᠪᠡ᠃ | ᠲᠣᠬᠤᠨᠢᠭᠤᠯᠬᠤ ᠶᠠᠪᠤᠴᠠ ᠳᠤ᠂ ᠰᠢᠶᠠᠨ ᠤ ᠤᠳᠤᠷᠢᠳᠤᠯᠭ᠎ᠠ ᠠᠷᠠᠳ ᠤᠨ ᠵᠡᠪᠰᠡᠭᠲᠦ ᠬᠦᠴᠦᠨ ᠤ ᠬᠡᠯᠲᠡᠰ᠂ | ᠭᠠᠯ ᠤᠨᠲᠠᠷᠠᠭᠠᠬᠤ ᠶᠡᠭᠡ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠰᠠᠭᠤᠭ᠎ᠠ ᠭᠠᠵᠠᠷ ᠤᠨ ᠳᠠᠷᠤᠭ᠎ᠠ | ᠪᠠᠶᠢᠯᠳᠤᠭᠴᠢᠳ ᠤᠨ ᠡᠳᠦᠷ ᠲᠤᠲᠤᠮ ᠤᠨ ᠪᠣᠯᠪᠠᠰᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠴᠡᠷᠢᠭ ᠠᠴᠠ | ᠬᠠᠯᠠᠭᠳᠠᠭᠰᠠᠳ ᠯᠢᠶᠠᠩ ᠵᠢᠶᠦ᠋ᠨ᠂ ᠯᠢᠦ ᠸᠧᠨ ᠵᠢᠶᠦ᠋ᠨ᠂ ᠵᠠᠩ ᠵᠢᠶᠠᠨ ᠶᠦᠨ ᠤ ᠠᠵᠢᠯ᠂ ᠠᠮᠢᠳᠤᠷᠠᠯ ᠤᠨ | ᠪᠠᠶᠢᠳᠠᠯ ᠢ ᠯᠠᠪᠯᠠᠨ ᠠᠰᠠᠭᠤᠵᠤ᠂ ᠡᠭᠦᠨ ᠤ ᠬᠠᠮᠲᠤ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠤ | ᠬᠠᠮᠲᠤ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠪᠣᠯᠤᠨ ᠪᠦᠬᠦ ᠰᠢᠶᠠᠨ ᠤ ᠠᠷᠠᠳ ᠲᠦᠮᠡᠨ ᠢ ᠲᠥᠯᠥᠭᠡᠯᠡᠨ | ᠲᠡᠳᠡᠨ ᠤ ᠤᠯᠠᠨ ᠵᠢᠯ ᠤᠨ ᠲᠤᠷᠰᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠡᠶ᠎ᠡ | ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠬᠤ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ | ᠶᠡᠷᠦ ᠠᠴᠠ᠂ ᠮᠠᠨ ᠤ ᠰᠢᠶᠠᠨ ᠤ ᠠᠷᠠᠳ ᠤᠨ ᠵᠡᠪᠰᠡᠭᠲᠦ ᠬᠦᠴᠦᠨ᠂ ᠭᠠᠯ ᠤᠨᠲᠠᠷᠠᠭᠠᠬᠤ ᠰᠠᠯᠠᠭ᠎ᠠ ᠮᠥᠴᠢᠷ | ᠵᠢᠴᠢ ᠰᠠᠭᠤᠭ᠎ᠠ ᠭᠠᠵᠠᠷ ᠤᠨ ᠴᠡᠷᠢᠭ ᠠᠩᠭᠢ ᠨᠠᠮ ᠤᠨ ᠵᠢᠯᠣᠭᠤᠳᠣᠯᠭ᠎ᠠ ᠶᠢ ᠳᠠᠭᠠᠬᠤ᠂ ᠠᠷᠠᠳ ᠲᠦᠮᠡᠨ ᠳᠤ | ᠦᠢᠯᠡᠴᠢᠯᠡᠬᠦ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ | ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠭᠠᠷ ᠬᠤᠯᠪᠣᠨ ᠬᠠᠮᠲᠤᠪᠠᠷ ᠤᠷᠤᠭᠰᠢᠯᠠᠵᠤ᠂ | ᠮᠠᠨ ᠤ ᠰᠢᠶᠠᠨ ᠤ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠦᠴᠦᠨ | ᠨᠡᠮᠡᠷᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠴᠡᠷᠢᠭ ᠠᠴᠠ ᠬᠠᠯᠠᠭᠳᠠᠭᠰᠠᠳ ᠴᠡᠷᠢᠭ ᠤᠨ ᠠᠯᠪᠠ | ᠬᠠᠭᠠᠬᠤ ᠬᠤᠭᠤᠴᠠᠭᠠᠨ ᠳᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ ᠳᠤ ᠢᠳᠡᠪᠬᠢᠲᠡᠶ ᠪᠠᠷ ᠠᠮᠢ ᠪᠡᠶ᠎ᠡ ᠪᠠᠨ ᠵᠣᠷᠢᠭᠤᠯᠵᠤ᠂ ᠴᠡᠷᠢᠭ ᠠᠴᠠ ᠬᠠᠯᠠᠭᠳᠠᠭᠰᠠᠨ ᠤ ᠲᠠᠷᠠᠭ᠎ᠠ | ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠢᠳᠡᠪᠬᠢᠲᠡᠶ ᠪᠠᠷ | ᠡᠷᠭᠦᠪᠡ᠃ ᠳᠠᠷᠠᠭ᠎ᠠ ᠠᠯᠬᠤᠮ ᠳᠤ᠂ ᠮᠠᠨ ᠤ ᠰᠢᠶᠠᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠪᠦᠬᠦ | ᠬᠦᠴᠦᠨ ᠢᠶᠠᠷ ᠢᠶᠠᠨ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠡᠨᠡ ᠬᠦ ᠶᠡᠭᠡ ᠶᠠᠪᠤᠳᠠᠯ ᠢ ᠴᠢᠷᠮᠠᠶᠢᠨ ᠰᠠᠶᠢᠳᠤᠷ ᠬᠢᠵᠦ᠂ ᠬᠤᠶᠠᠷ ᠢ | ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠨ᠎ᠠ᠃ | ᠰᠢᠶᠠᠨ ᠤ ᠤᠳᠤᠷᠢᠳᠤᠯᠭ᠎ᠠ ᠸᠠᠩ ᡁᠢ ᠴᠢᠶᠠᠩ᠂ ᠵᠠᠩ ᠮᠢᠨ ᠴᠦᠨ᠂ ᠵᠢᠩ ᠾᠦᠸᠧ ᠶᠤᠸᠠᠨ᠂ ᠵᠠᠩ ᠰᠢᠶᠧ | ᠵᠢᠶᠦ᠋ᠨ᠂ ᠳ᠋ᠦᠸᠧ ᠬᠤᠸᠠ ᠰᠢᠶᠦ᠋ᠩ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ | ᠬᠠᠷᠢᠭᠤᠴᠠᠯᠭᠠᠲᠠᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃ | |