8 ᠳ᠋ᠤᠭᠠᠷ ᠰᠠᠷ᠎ᠠ ᠶᠢᠨ 7 ᠤ ᠦᠳᠡ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ | ᠴᠢᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠨᠠᠮ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 138 ᠳ᠋ᠤᠭᠠᠷ ᠤᠳᠠᠭ᠎ᠠ ᠶᠢᠨ ︵ | ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ 8 ᠳ᠋ᠤᠭᠠᠷ ᠰᠠᠷ᠎ᠠ ᠶᠢᠨ 5 ᠤ ᠡᠳᠦᠷ ᠱᠢ ᠲᠠᠢ ᠹᠧᠩ | ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠳᠤ | ᠬᠦᠷᠴᠦ ᠰᠤᠷᠪᠤᠯᠵᠢᠯᠠᠭ᠎ᠠ ᠬᠦᠯᠢᠶᠡᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ 8 ᠳ᠋ᠤᠭᠠᠷ ᠰᠠᠷ᠎ᠠ ᠶᠢᠨ 3 ᠤ | ᠡᠳᠦᠷ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ 8 ᠳ᠋ᠤᠭᠠᠷ ᠰᠠᠷ᠎ᠠ ᠶᠢᠨ 6 ᠤ | ᠡᠳᠦᠷ ᠤᠨ ᠣᠷᠣᠶ ᠶᠢᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 194 ᠳ᠋ᠦ᠋ᠭᠡᠷ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠮᠠᠨ ᠤ ᠰᠢᠶᠠᠨ ᠤ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠵᠡᠷᠭᠡ ᠠᠵᠢᠯ ᠢ ᠰᠤᠳᠤᠯᠪᠠ᠃ | ᠬᠤᠷᠠᠯ ᠠᠴᠠ ᠪᠦᠬᠦ ᠰᠢᠶᠠᠨ ᠤ 1ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ ᠤ ᠠᠵᠢᠯ ᠢ ᠠᠬᠢᠭᠤᠯᠤᠭᠰᠠᠨ ᠪᠠᠶᠢᠳᠠᠯ ᠢ ᠮᠡᠳᠡᠭᠳᠡᠵᠡᠶ᠃ ᠡᠯ᠎ᠡ ᠰᠢᠶᠠᠨ ᠭᠠᠵᠠᠷ ᠤᠨ ᠱᠠᠲᠤᠨ ᠤ | ᠤᠳᠤᠷᠢᠳᠤᠯᠭ᠎ᠠ ᠶᠢᠨ ᠳᠠᠭᠠᠭᠠᠨ ᠠᠪᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠠ | ᠭᠡᠷ ᠭᠠᠵᠠᠷ ᠬᠦᠷᠦᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ | ᠣᠪᠣᠷ ᠢᠶᠠᠨ ᠲᠥᠪ ᠪᠣᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠡᠷᠡᠭ ᠢᠶᠠᠷ ᠲᠣᠯᠢ ᠪᠣᠯᠭᠠᠵᠤ᠂ | ᠨᠢᠭᠡ ᠠᠴᠠ ᠨᠥᠭᠦᠭᠡ ᠶᠢ ᠮᠡᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠬᠠᠷᠠᠯᠲᠠ ᠡᠭᠦᠷᠭᠡ ᠲᠠᠢ | ᠬᠠᠷᠢᠴᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ | ᠴᠢᠨᠠᠷ ᠢ ᠦᠳᠲᠡᠷ ᠲᠦᠷᠭᠡᠨ ᠪᠠᠶᠢᠴᠠᠭᠠᠨ ᠥᠭᠡᠷᠡᠴᠢᠯᠡᠵᠦ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠠᠷᠢᠯᠭᠠᠬᠤ ᠳᠤ ᠲᠠᠰ | ᠳᠠᠷᠠᠭᠠᠯᠠᠯ ᠢ ᠵᠢᠷᠤᠮᠵᠢᠭᠤᠯᠵᠤ᠂ ᠴᠠᠭ ᠤᠨ ᠬᠢᠵᠠᠭᠠᠷ ᠢ ᠴᠢᠩᠳᠠᠯᠠᠵᠤ᠂ ᠪᠥᠬᠦ ᠶᠠᠪᠤᠴᠠ ᠳᠤ ︽ᠪᠢᠲᠡᠭᠦᠤ︾ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠠᠰᠠᠭᠤᠳᠠᠯ ᠢ ᠰᠢᠢᠳᠪᠦᠷᠢᠯᠡᠭᠰᠡᠨ ᠪᠤᠲᠠᠲᠠᠢ ᠦᠷ᠎ᠡ ᠪᠦᠲᠦᠮᠵᠢ ᠪᠠᠷ ᠤᠯᠠᠨ ᠲᠦᠮᠡᠨ ᠢ ᠢᠲᠡᠭᠡᠭᠦᠯᠬᠦ ᠬᠡᠷᠡᠭᠲᠡᠢ᠃ ︽ | ᠰᠦᠯᠵᠢᠶᠡᠨ ᠰᠤᠷᠪᠤᠯᠵᠢᠯᠠᠭ᠎ᠠ︾ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ ᠴᠢᠩᠭᠠᠳᠬᠠᠵᠤ᠂ ᠣᠯᠠᠨ ᠲᠦᠮᠡᠨ ᠢ ᠨᠠᠷᠢᠨ ᠬᠢᠨᠠᠮᠠᠭᠠᠶ ᠵᠣᠴᠢᠯᠠᠬᠤ ᠪᠠᠷ ᠳᠠᠮᠵᠢᠭᠤᠯᠤᠨ᠂ | ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠥᠨᠳᠥᠷ ᠪᠦᠲᠦᠮᠵᠢᠲᠡᠶ ᠭᠥᠯᠢᠶᠡᠨ | ᠠᠪᠴᠤ ᠰᠢᠢᠳᠪᠦᠷᠢᠯᠡᠨ᠂ ᠣᠯᠠᠨ ᠲᠦᠮᠡᠨ ᠳᠤ ᠰᠦᠯᠵᠢᠶᠡᠨᠰᠤᠷᠪᠤᠯᠵᠢᠯᠠᠭᠠ ᠶᠢᠨ ᠲᠦᠷᠭᠡᠨ ᠪᠠ ᠥᠨᠳᠥᠷ | ᠪᠦᠲᠦᠮᠵᠢᠲᠡᠶ ᠪᠠᠶᠢᠬᠤ ᠶᠢ ᠦᠨᠡᠨᠬᠦ ᠮᠡᠳᠡᠷᠡᠭᠦᠯᠦᠨ᠎ᠡ᠃ ᠣᠳᠣᠬᠠᠨ ᠳᠤ ᠠᠷᠢᠯᠭᠠᠭᠰᠠᠨ ᠦᠭᠡᠢ ᠬᠡᠷᠡᠭ ᠢ ᠴᠢᠩᠭ᠎ᠠ | ᠠᠩᠬᠠᠷᠴᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠰᠢᠢᠳᠪᠦᠷᠢᠯᠡᠬᠦ | ᠬᠤᠷᠳᠤᠴᠠ ᠶᠢ ᠲᠦᠷᠭᠡᠳᠬᠡᠵᠦ᠂ ᠱᠠᠭᠠᠷᠳᠠᠯᠭ᠎ᠠ ᠶᠣᠰᠣᠭᠠᠷ ᠬᠦᠴᠢᠷ ᠠᠰᠠᠭᠤᠳᠠᠯ ᠢ ᠢᠯᠠᠨ ᠳᠠᠪᠠᠵᠤ᠂ ᠣᠯᠠᠨ | ᠲᠦᠮᠡᠨ ᠢ ᠰᠡᠳᠬᠢᠯ ᠬᠠᠨᠤᠮᠵᠢᠲᠠᠶ ᠪᠣᠯᠭᠠᠨ᠎ᠠ᠃ ᠨᠡᠭᠦᠷᠡᠰᠦ ᠪᠠ ᠭᠡᠷ ᠭᠠᠵᠠᠷ ᠬᠦᠷᠦᠩᠭᠡ ᠶᠢᠨ ᠬᠦᠷᠢᠶᠡᠨ ᠳᠤ | ᠣᠷᠣᠰᠢᠵᠤ ᠪᠠᠶᠢᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠦᠴᠢᠷ ᠠᠰᠠᠭᠤᠳᠠᠯ ᠳᠤ ᠴᠢᠭᠯᠡᠭᠦᠯᠦᠨ ᠲᠤᠰᠬᠠᠶ | ᠰᠡᠳᠦᠪᠲᠦ ᠰᠤᠳᠤᠯᠭᠠᠨ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠤᠯᠠᠨ ᠲᠦᠮᠡᠨ ᠤ ᠬᠦᠰᠡᠯ ᠡᠷᠡᠮᠡᠯᠵᠡᠯ ᠢ | ᠰᠢᠢᠳᠪᠦᠷᠢᠯᠡᠬᠦ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠱᠠᠲᠤᠨ ᠤ ᠬᠡᠷᠡᠭ ᠢ ᠳᠠᠭᠠᠭᠠᠨ ᠠᠪᠤᠭᠰᠠᠨ ᠤᠳᠤᠷᠢᠳᠤᠯᠭ᠎ᠠ᠂ | ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠬᠠᠷᠢᠭᠤᠴᠠᠯᠭ᠎ᠠ ᠪᠠᠨ ᠡᠭᠦᠷᠭᠡᠯᠡᠵᠦ᠂ | ᠥᠪᠡᠷ ᠤᠨ ᠪᠡᠶ᠎ᠡ ᠪᠠᠷ ᠢᠶᠠᠨ ᠭᠠᠷ ᠲᠦᠷᠦᠭᠦ ᠬᠡᠷᠡᠭᠲᠡᠶ᠃ ︽ᠤᠴᠢᠷ ᠶᠠᠪᠤᠳᠠᠯ ᠢ ᠰᠢᠢᠳᠪᠦᠷᠢᠯᠡᠬᠦ︾ ᠵᠠᠷᠴᠢᠮ | ᠶᠣᠰᠣᠭᠠᠷ᠂ ᠠᠵᠢᠯ ᠤᠨ ᠬᠤᠪᠢᠶᠠᠷᠢᠯᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠵᠤ᠂ ᠪᠦᠬᠦ | ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠬᠦ ᠶᠢ ᠬᠦᠴᠦ ᠪᠠᠨ | ᠬᠠᠮᠲᠤᠳᠬᠠᠨ ᠠᠬᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠳ ᠵᠠᠬᠢᠳᠠᠯ | ᠰᠤᠷᠪᠤᠯᠵᠢᠯᠠᠭ᠎ᠠ ᠶᠢ ᠠᠷᠢᠯᠭᠠᠬᠤ ᠬᠥᠭᠦᠷᠭᠡ ᠶᠢᠨ ᠦᠢᠯᠡᠳᠦᠯ ᠢ ᠵᠣᠬᠢᠴᠠᠭᠤᠯᠬᠤ ᠶᠢ ᠰᠠᠶᠢᠲᠤᠷ ᠠᠳᠬᠤᠵᠤ᠂ ᠰᠠᠶᠢᠲᠤᠷ | ᠪᠠᠳᠠᠷᠠᠭᠤᠯᠬᠤ ᠬᠡᠷᠡᠭᠲᠡᠶ᠃ | ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠶᠢᠨ ᠳᠠᠷᠤᠭ᠎ᠠ ᠵᠢᠴᠢ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |