︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠠᠵᠢᠯ ᠤᠨ ᠰᠢᠮᠳᠠᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ | ᠲᠤᠰᠠᠳᠠ᠂ 8 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠮᠢᠨ ᠴᠦᠨ ᠨᠥᠬᠦᠷ ᠠᠩᠭᠢ ᠳᠠᠭᠠᠭᠤᠯᠤᠨ | ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ | ᠪᠠᠲᠤᠯᠠᠬᠤ ᠠᠵᠢᠯ ᠢ ᠪᠠᠶᠢᠴᠠᠭᠠᠵᠠᠢ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠾᠧ ᠱᠠᠩ ᠶᠤᠸᠠᠨ᠂ ᠴᠢᠩ ᠱᠦᠶ ᠾᠧ | ᠰᠢᠶᠠᠨ ᠤ ᠰᠣᠶᠣᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠩ | ᠱᠦᠶ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠷᠥᠯ ᠵᠦᠢᠯ᠂ ᠴᠢᠩ ᠱᠦᠶ ᠾᠧ ᠰᠢᠶᠠᠨ ᠤ | ᠯᠢᠶᠠᠨ ᠹᠠ ᠹᠦ᠋ ᠱᠸᠦ ᠵᠢᠤᠢ ᠵᠡᠷᠭᠡ ᠭᠤᠤᠯᠳᠠᠯᠭ᠎ᠠ ᠲᠠᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠢ | ᠪᠠᠶᠢᠴᠠᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠰᠢᠯᠭᠠᠬᠤ ᠨᠠᠷᠢᠨ ᠳᠦᠷᠢᠮ ᠲᠠᠢ ᠴᠢᠩᠭ᠎ᠠ | ᠬᠠᠷᠢᠴᠠᠭᠤᠯᠤᠨ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠮᠠᠲ᠋ᠧᠷᠢᠶᠠᠯ ᠤᠨ ᠡᠬᠡ ᠲᠠᠩᠰᠠ ᠶᠢ ᠪᠠᠶᠢᠴᠠᠭᠠᠨ | ᠦᠵᠡᠬᠦ᠂ ᠠᠵᠢᠯᠲᠠᠨ ᠠᠴᠠ ᠪᠣᠳᠠᠲᠠᠶ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ᠂ 2019 | ᠣᠨ ᠠᠴᠠ ᠨᠠᠰᠢᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠭᠦᠭᠰᠡᠨ ᠪᠠᠶᠢᠳᠠᠯ ᠵᠢᠴᠢ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ | ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠤ ᠬᠠᠮᠲᠤ ᠡᠯ᠎ᠡ ᠪᠠᠷᠢᠯᠭ᠎ᠠ ᠶᠢᠨ ᠲᠥᠷᠥᠯ ᠵᠦᠢᠯ ᠢ ᠵᠠᠷᠯᠢᠭᠳᠠᠵᠤ | ᠪᠠᠶᠢᠭᠠᠳ ᠠᠰᠠᠭᠤᠳᠠᠯ ᠳᠤ ᠴᠢᠭᠯᠡᠭᠦᠯᠦᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠢᠵᠠᠭᠠᠷᠯᠠᠨ | ᠪᠡᠶᠡᠯᠡᠭᠦᠯᠬᠦ ᠬᠡᠷᠡᠭᠲᠡᠶ ᠭᠡᠵᠡᠢ᠃ | ᠡᠴᠦᠰ ᠲᠤ᠂ ᠵᠠᠩ ᠮᠢᠨ ᠴᠦᠨ ᠨᠥᠬᠦᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ | ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠᠴᠢᠯᠠᠭᠰᠠᠨ ᠨᠢ᠄ ᠨᠢᠭᠡ ᠳᠤ ᠡᠯ᠎ᠡ ᠰᠠᠯᠠᠭ᠎ᠠ ᠮᠥᠴᠢᠷ ᠤᠯᠤᠰ | ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ | ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠶᠢᠭᠤᠯᠵᠤ ᠪᠠᠶᠢᠭ᠎ᠠ ᠪᠣᠶ ᠪᠥᠬᠦᠶ ᠲᠥᠷᠥᠯ | ᠵᠦᠢᠯ ᠤᠨ ︽ᠬᠤᠶᠠᠷ ᠮᠥᠩᠭᠦ ᠳᠥᠷᠪᠡᠨ ᠲᠦᠷᠢᠮ︾ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠨ᠎ᠠ︔ ᠡᠭᠦᠨ ᠤ ᠬᠠᠮᠲᠤ ︽ᠪᠦᠬᠦ ᠤᠯᠤᠰ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠠᠵᠢᠯ ᠤᠨ ᠰᠢᠮᠳᠠᠨ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠠᠷᠢᠨ ᠬᠢᠨᠠᠮᠠᠭᠠᠶ ᠰᠤᠳᠤᠯᠵᠤ᠂ | ᠤᠯᠤᠰ ᠤᠨ ᠰᠢᠯᠭᠠᠯᠲᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠬᠤᠶᠠᠷ ᠲᠤ | ᠦᠷᠭᠦᠯᠵᠢᠯᠡᠨ ᠨᠠᠷᠢᠯᠢᠭ ᠣᠨᠣᠴᠠᠲᠠᠶ ᠪᠠᠷ ᠪᠠᠷᠢᠮᠵᠢᠶᠠᠯᠠᠨ ᠪᠠᠶᠢᠴᠠᠭᠠᠵᠤ᠂ ᠪᠠᠭᠤᠷᠠᠶ ᠭᠤᠭᠴᠤᠭ᠎ᠠ ᠶᠢ ᠣᠨᠣᠪᠴᠢᠲᠠᠶ | ᠡᠷᠢᠵᠦ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠤᠳ ᠪᠦᠬᠦ ᠰᠢᠶᠠᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠳᠤ ᠥᠪᠡᠷ ᠢ ᠪᠠᠨ | ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯ ᠢ ᠲᠥᠷᠥᠯ ᠵᠦᠢᠯ ᠳᠠᠷᠠᠭᠠᠯᠠᠨ ᠥᠷᠨᠢᠭᠦᠯᠵᠦ᠂ ᠨᠠᠷᠢᠯᠢᠭ ᠪᠥᠭᠡᠳ | ᠪᠤᠯᠤᠩ ᠦᠯᠡᠳᠡᠭᠡᠬᠦ ᠦᠭᠡᠶ ᠪᠠᠶᠢᠬᠤ ᠬᠡᠷᠡᠭᠲᠡᠶ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠲᠥᠷᠥᠯ | ᠵᠦᠢᠯ ᠤᠨ ᠭᠤᠤᠯᠴᠢᠯᠠᠨ ᠬᠠᠮᠢᠶᠠᠷᠬᠤ ᠨᠢᠭᠡᠴᠡ ᠨᠢ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ ᠡᠯ᠎ᠡ ᠨᠢᠭᠡᠴᠡ ᠡᠨᠡ ᠤᠳᠠᠭᠠᠨ ᠤ ᠲᠤᠬᠠᠶ ᠶᠢᠨ | ᠭᠠᠵᠠᠷ ᠤᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ | ᠥᠭᠬᠦ ᠶᠢ ᠪᠠᠲᠤᠯᠠᠬᠤ ᠳᠦᠷᠢᠮ︾ ᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ ᠪᠠᠷ ᠰᠠᠶᠢᠲᠤᠷ ᠨᠠᠷᠢᠨ ᠨᠢᠮᠪᠠᠶ ᠬᠢᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠢ᠃ |