ᠰᠢᠶᠠᠨ ᠤ ᠤᠳᠤᠷᠢᠳᠤᠯᠭ᠎ᠠ ᠠᠩᠭᠢ ᠳᠠᠭᠠᠭᠤᠯᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020/8/20
     ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠵᠢᠯ ᠤᠨ ᠰᠢᠮᠳᠠᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠤᠰᠠᠳᠠ᠂ 8 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠮᠢᠨ ᠴᠦᠨ ᠨᠥᠬᠦᠷ ᠠᠩᠭᠢ ᠳᠠᠭᠠᠭᠤᠯᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠪᠠᠶᠢᠴᠠᠭᠠᠵᠠᠢ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠾᠧ ᠱᠠᠩ ᠶᠤᠸᠠᠨ᠂ ᠴᠢᠩ ᠱᠦᠶ ᠾᠧ ᠰᠢᠶᠠᠨ ᠤ ᠰᠣᠶᠣᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠩ ᠱᠦᠶ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠷᠥᠯ ᠵᠦᠢᠯ᠂ ᠴᠢᠩ ᠱᠦᠶ ᠾᠧ ᠰᠢᠶᠠᠨ ᠤ ᠯᠢᠶᠠᠨ ᠹᠠ ᠹᠦ᠋ ᠱᠸᠦ ᠵᠢᠤᠢ ᠵᠡᠷᠭᠡ ᠭᠤᠤᠯᠳᠠᠯᠭ᠎ᠠ ᠲᠠᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠢ ᠪᠠᠶᠢᠴᠠᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠰᠢᠯᠭᠠᠬᠤ ᠨᠠᠷᠢᠨ ᠳᠦᠷᠢᠮ ᠲᠠᠢ ᠴᠢᠩᠭ᠎ᠠ ᠬᠠᠷᠢᠴᠠᠭᠤᠯᠤᠨ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠮᠠᠲ᠋ᠧᠷᠢᠶᠠᠯ ᠤᠨ ᠡᠬᠡ ᠲᠠᠩᠰᠠ ᠶᠢ ᠪᠠᠶᠢᠴᠠᠭᠠᠨ ᠦᠵᠡᠬᠦ᠂ ᠠᠵᠢᠯᠲᠠᠨ ᠠᠴᠠ ᠪᠣᠳᠠᠲᠠᠶ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ᠂ 2019 ᠣᠨ ᠠᠴᠠ ᠨᠠᠰᠢᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠭᠦᠭᠰᠡᠨ ᠪᠠᠶᠢᠳᠠᠯ ᠵᠢᠴᠢ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠤ ᠬᠠᠮᠲᠤ ᠡᠯ᠎ᠡ ᠪᠠᠷᠢᠯᠭ᠎ᠠ ᠶᠢᠨ ᠲᠥᠷᠥᠯ ᠵᠦᠢᠯ ᠢ ᠵᠠᠷᠯᠢᠭᠳᠠᠵᠤ ᠪᠠᠶᠢᠭᠠᠳ ᠠᠰᠠᠭᠤᠳᠠᠯ ᠳᠤ ᠴᠢᠭᠯᠡᠭᠦᠯᠦᠨ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠢᠵᠠᠭᠠᠷᠯᠠᠨ ᠪᠡᠶᠡᠯᠡᠭᠦᠯᠬᠦ ᠬᠡᠷᠡᠭᠲᠡᠶ ᠭᠡᠵᠡᠢ᠃      ᠡᠴᠦᠰ ᠲᠤ᠂ ᠵᠠᠩ ᠮᠢᠨ ᠴᠦᠨ ᠨᠥᠬᠦᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠᠴᠢᠯᠠᠭᠰᠠᠨ ᠨᠢ᠄ ᠨᠢᠭᠡ ᠳᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠶᠢᠭᠤᠯᠵᠤ ᠪᠠᠶᠢᠭ᠎ᠠ ᠪᠣᠶ ᠪᠥᠬᠦᠶ ᠲᠥᠷᠥᠯ ᠵᠦᠢᠯ ᠤᠨ ︽ᠬᠤᠶᠠᠷ ᠮᠥᠩᠭᠦ ᠳᠥᠷᠪᠡᠨ ᠲᠦᠷᠢᠮ︾ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ︔ ᠡᠭᠦᠨ ᠤ ᠬᠠᠮᠲᠤ ︽ᠪᠦᠬᠦ ᠤᠯᠤᠰ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠵᠢᠯ ᠤᠨ ᠰᠢᠮᠳᠠᠨ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠠᠷᠢᠨ ᠬᠢᠨᠠᠮᠠᠭᠠᠶ ᠰᠤᠳᠤᠯᠵᠤ᠂ ᠤᠯᠤᠰ ᠤᠨ ᠰᠢᠯᠭᠠᠯᠲᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠬᠤᠶᠠᠷ ᠲᠤ ᠦᠷᠭᠦᠯᠵᠢᠯᠡᠨ ᠨᠠᠷᠢᠯᠢᠭ ᠣᠨᠣᠴᠠᠲᠠᠶ ᠪᠠᠷ ᠪᠠᠷᠢᠮᠵᠢᠶᠠᠯᠠᠨ ᠪᠠᠶᠢᠴᠠᠭᠠᠵᠤ᠂ ᠪᠠᠭᠤᠷᠠᠶ ᠭᠤᠭᠴᠤᠭ᠎ᠠ ᠶᠢ ᠣᠨᠣᠪᠴᠢᠲᠠᠶ ᠡᠷᠢᠵᠦ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠦᠬᠦ ᠰᠢᠶᠠᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠳᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯ ᠢ ᠲᠥᠷᠥᠯ ᠵᠦᠢᠯ ᠳᠠᠷᠠᠭᠠᠯᠠᠨ ᠥᠷᠨᠢᠭᠦᠯᠵᠦ᠂ ᠨᠠᠷᠢᠯᠢᠭ ᠪᠥᠭᠡᠳ ᠪᠤᠯᠤᠩ ᠦᠯᠡᠳᠡᠭᠡᠬᠦ ᠦᠭᠡᠶ ᠪᠠᠶᠢᠬᠤ ᠬᠡᠷᠡᠭᠲᠡᠶ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠨᠢᠭᠡᠴᠡ ᠨᠢ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠵᠦ᠂ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ ᠡᠯ᠎ᠡ ᠨᠢᠭᠡᠴᠡ ᠡᠨᠡ ᠤᠳᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠨᠠᠷᠢᠨ ᠨᠢᠮᠪᠠᠶ ᠬᠢᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1