| | | | | | | | | | | | | | | | ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠰᠠᠯᠵᠤ ᠪᠣᠯᠤᠰᠢ ᠦᠭᠡᠢ᠂ ᠠᠯᠤᠰ | ᠬᠡᠲᠦ ᠶᠢᠨ ᠲᠥᠯᠥᠪᠯᠡᠭᠡ᠂ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠰᠢᠶᠠᠨ ᠤ ᠬᠡᠪᠴᠢᠶᠡᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 8 ᠰᠠᠷ᠎ᠠ ᠶᠢᠨ 1 ᠤ ᠡᠳᠦᠷ ᠠᠴᠠ | 2 ᠤᠨ ᠡᠳᠦᠷ ᠪᠣᠯᠲᠠᠯ᠎ᠠ᠂ ᠴᠢᠩ ᠱᠦᠢ ᠾᠧ ᠰᠢᠶᠠᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ | ᠰᠢᠤᠢ ᠶᠠᠩ ᠪᠦᠯᠦᠭᠯᠡᠯ ᠤᠨ ᠶᠡᠷᠦᠩᠬᠡᠢ ᠵᠠᠬᠢᠷᠭ᠎ᠠ ᠳᠤ ᠬᠦᠷᠴᠦ ᠰᠢᠨᠵᠢᠯᠡᠨ ᠪᠠᠶᠢᠴᠠᠭᠠᠪᠠ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠠᠩᠬᠢ ᠳᠠᠭᠠᠭᠤᠯᠤᠨ ᠰᠢᠨᠵᠢᠯᠡᠨ | ᠪᠠᠶᠢᠴᠠᠭᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠶᠦᠩ ᠫᠢᠩ᠂ ᠰᠢᠶᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠳ᠋ᠦ᠋ ᠬᠦᠶ ᠵᠦᠩ᠂ ᠰᠢᠤᠢ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ | ᠰᠢᠤᠸᠠᠢ ᠭᠠᠩ᠂ ᠶᠡᠷᠦᠩᠬᠡᠶ ᠳᠡᠳ᠋ ᠵᠠᠬᠢᠷᠤᠯ ᠶᠤᠸᠠᠨ ᠰᠢ ᠰᠢᠶᠠᠨ ᠵᠡᠷᠭᠡ ᠪᠦᠯᠦᠭᠯᠡᠯ ᠤᠨ ᠳᠡᠭᠡᠳᠦ ᠬᠠᠮᠢᠶᠠᠷᠤᠭᠴᠢ᠂ | ᠬᠥᠬᠡᠬᠤᠲᠠ ᠶᠢᠨ ᠵᠥᠩ ᠷᠠᠨ ᠤ ᠬᠡᠷᠡᠭ ᠮᠡᠳᠡᠭᠴᠢᠳ ᠤᠨ ᠳᠠᠷᠤᠭ᠎ᠠ ᠴᠧᠨ ᠶᠦᠨ ᠹᠸᠢ᠂ ᠰᠢᠤᠢ ᠶᠠᠩ ᠵᠥᠩ ᠷᠠᠨ ᠤ | ᠶᠡᠷᠦᠩᠬᠡᠢ ᠳᠠᠭᠠᠭᠠᠮᠠᠯ ᠯᠢᠦ ᠬᠤᠩ ᠯᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠤᠢ ᠶᠠᠩ ᠪᠦᠯᠦᠭᠯᠡᠯ ᠤᠨ ᠬᠤᠪᠢᠶᠠᠷᠢ ᠺᠣᠮᠫᠠᠨᠢ | ᠤᠤ ᠲᠧ ᠮᠧᠢ ᠺᠧ ᠺᠣᠮᠫᠠᠨᠢ᠂ ᠰᠢᠤᠢ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠲᠠᠰᠤᠭ᠂ ᠰᠢᠤᠢ | ᠶᠠᠩ ᠪᠦᠯᠦᠭᠯᠡᠯ ᠤᠨ ᠶᠡᠷᠦᠩᠬᠡᠢ ᠵᠠᠬᠢᠷᠭ᠎ᠠ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ ᠤᠤ ᠲᠧ ᠮᠧᠢ ᠺᠧ | ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠣᠶᠤᠨᠴᠢ ᠤᠰᠤᠨ ᠤ ᠶᠠᠪᠤᠳᠠᠯ᠂ ᠣᠶᠤᠨᠴᠢ | ᠤᠰᠤᠯᠠᠯᠲᠠ᠂ ᠣᠶᠤᠨᠴᠢ ᠲᠠᠷᠢᠶᠠᠯᠠᠩ ᠤᠨ ᠤᠮᠳᠠᠭᠠᠨ᠂ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ ᠵᠡᠷᠭᠡ | ᠡᠵᠡᠩᠨᠡᠯᠲᠡ ᠬᠠᠮᠢᠶᠠᠷᠤᠯᠲᠠ ᠶᠢᠨ ᠵᠠᠭᠪᠤᠷ᠂ ᠶᠡᠷᠦᠩᠬᠡᠶᠢᠯᠡᠭᠰᠡᠨ ᠰᠢᠢᠳᠪᠦᠷᠢᠯᠡᠬᠦ ᠲᠥᠰᠦᠯ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠮᠡᠳᠡᠭᠡ ᠵᠠᠩᠭᠢᠵᠢᠯᠲᠠ ᠶᠢᠨ ᠡᠭᠦᠯᠡᠨ ᠲᠠᠪᠴᠠᠩ ᠢᠶᠠᠷ ᠳᠠᠮᠵᠢᠭᠤᠯᠤᠨ | ᠬᠡᠰᠡᠭ ᠭᠠᠵᠠᠷ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠶ ᠶᠢᠨ ᠴᠠᠭ ᠤᠨ ᠠᠵᠢᠯᠯᠠᠭᠠᠨ ᠤ ᠪᠠᠶᠢᠳᠠᠯ ᠢ | ᠦᠵᠡᠪᠡ︔ ᠰᠢᠤᠢ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠲᠠᠰᠤᠭ ᠲᠤ᠂ ᠰᠢᠨᠵᠢᠯᠡᠨ | ᠪᠠᠶᠢᠴᠠᠭᠠᠬᠤ ᠳᠤᠭᠤᠶᠢᠯᠠᠩ ᠰᠢᠤᠢ ᠶᠠᠩ ᠪᠦᠯᠦᠭᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ | ᠰᠢᠨ᠎ᠡ ᠮᠠᠲ᠋ᠧᠷᠢᠶᠠᠯ᠂ ᠠᠵᠤ ᠦᠢᠯᠡᠰ ᠤᠨ ᠬᠡᠯᠬᠢᠶ᠎ᠡ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠵᠡᠷᠭᠡ ᠲᠠᠯ᠎ᠠ ᠶᠢᠨ ᠰᠤᠳᠤᠯᠭᠠᠨ ᠤ ᠦᠷ᠎ᠡ ᠪᠦᠲᠦᠭᠡᠯ ᠵᠢᠴᠢ | ᠰᠤᠳᠤᠯᠭᠠᠨ ᠤ ᠲᠥᠯᠥᠪᠵᠢᠭᠦᠯᠭᠡ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠪᠠ᠃ | ᠰᠢᠤᠢ ᠶᠠᠩ ᠪᠦᠯᠦᠭᠯᠡᠯ ᠤᠨ ᠶᠡᠷᠦᠩᠬᠡᠶ ᠵᠠᠬᠢᠷᠭ᠎ᠠ ᠳᠤ ᠬᠤᠷᠠᠯᠳᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠠᠩ | ᠰᠢᠤᠸᠠᠢ ᠭᠠᠩ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ | ᠂ ᠬᠤᠲᠠ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤ ᠰᠢᠤᠢ ᠶᠠᠩ ᠵᠦᠩ ᠷᠠᠨ ᠣᠷᠴᠢᠯ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠳᠤ | ᠦᠵᠡᠭᠦᠯᠦᠭᠰᠡᠨ ᠳᠡᠮᠵᠢᠯᠭᠡ ᠳᠤ ᠭᠦᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠢᠤᠢ ᠶᠠᠩ ᠪᠦᠯᠦᠭᠯᠡᠯ᠂ | ᠬᠥᠬᠡᠬᠤᠲᠠ ᠶᠢᠨ ᠵᠥᠩ ᠰᠢᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠦᠯᠦᠭᠯᠡᠯ ᠤᠨ ᠬᠥᠭᠵᠢᠯᠲᠡ ᠶᠢᠨ | ᠥᠩᠭᠡᠷᠡᠯᠲᠡ᠂ ᠣᠷᠣᠨ ᠪᠦᠰᠡ ᠶᠢᠨ ᠪᠠᠶᠢᠷᠢᠯᠠᠭᠤᠯᠤᠯᠲᠠ᠂ ᠶᠡᠷᠦᠩᠬᠡᠶᠢᠯᠡᠭᠰᠡᠨ ᠬᠠᠮᠢᠶᠠᠷᠤᠯᠲᠠ᠂ ᠣᠶᠤᠨᠴᠢ ᠦᠢᠯᠡᠳᠬᠦ | ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠵᠢᠯ ᠢ ᠥᠷᠨᠢᠭᠦᠯᠦᠭᠰᠡᠨ | ᠪᠠᠶᠢᠳᠠᠯ ᠵᠢᠴᠢ ᠰᠢᠤᠢ ᠶᠠᠩ ᠵᠥᠩ ᠷᠠᠨ ᠶᠢᠨ ᠣᠷᠴᠢᠯ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠲᠥᠯᠥᠪᠯᠡᠭᠡ ᠶᠢ | ᠲᠣᠰ ᠲᠣᠰ ᠲᠠᠨᠢᠯᠴᠠᠭᠤᠯᠪᠠ᠃ ᠡᠯ᠎ᠡ ᠲᠠᠯ᠎ᠠ ᠶᠢᠨ ᠬᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ | ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢᠨ ᠲᠣᠭᠤᠷᠢᠨ ᠳᠤ᠂ ᠢᠷᠡᠭᠡᠳᠦᠢ ᠶᠢᠨ | ᠬᠠᠮᠲᠤᠷᠠᠯᠴᠠᠭ᠎ᠠ ᠶᠢᠨ ᠲᠤᠬᠠᠢ ᠭᠦᠨᠵᠡᠭᠡᠢ ᠰᠣᠯᠢᠯᠴᠠᠭ᠎ᠠ ᠬᠢᠪᠡ᠃ | ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠰᠢᠤᠢ ᠶᠠᠩ ᠵᠦᠩ ᠷᠠᠨ ᠵᠥᠪᠬᠡᠨ 128 ᠡᠳᠦᠷ ᠤᠨ | ᠳᠣᠲᠣᠷ᠎ᠠ ᠤᠤᠯ ᠤᠨ ᠬᠥᠬᠡᠬᠤᠲᠠ ᠶᠢᠨ ᠵᠦᠩ ᠷᠠᠨ ᠤ 4 ᠵᠢᠯ ᠭᠠᠷᠤᠢ ᠦᠢᠯᠡᠳᠪᠦᠷᠢᠯᠡᠯ ᠵᠣᠭᠰᠣᠭᠰᠠᠨ 90 | ᠲᠦᠮᠡᠨ ᠲᠣᠨ ᠬᠡᠦᠷᠡᠰᠦ ᠪᠣᠯᠤᠨ 10 ᠲᠦᠮᠡᠨ ᠲᠣᠨ ᠮᠧᠲ᠋ᠢᠯ ᠠᠯᠺᠣᠣᠯ ᠢ ᠨᠢᠭᠡ ᠴᠤᠬᠴᠠᠵᠢᠭᠤᠯᠬᠤ ᠲᠦᠷᠦᠯ | ᠵᠦᠢᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ︽ᠰᠢᠤᠢ ᠶᠠᠩ ᠤᠨ ᠬᠤᠷᠳᠤᠴᠠ︾ ᠪᠣᠯᠤᠨ ︽ | ᠰᠢᠤᠢ ᠶᠠᠩ ᠤᠨ ᠦᠷ᠎ᠡ ᠪᠦᠲᠦᠮᠵᠢ︾ ᠶᠢ ᠭᠦᠢᠴᠡᠳ ᠢᠯᠡᠷᠡᠭᠦᠯᠪᠡ︔ ᠲᠤᠰ ᠤᠳᠠᠭᠠᠨ ᠤ ᠪᠠᠶᠢᠴᠠᠭᠠᠯᠲᠠ ᠳᠤ ᠰᠢᠦᠶ | ᠶᠠᠩ ᠪᠦᠯᠦᠭᠯᠡᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠣᠨᠣᠯᠵᠢᠬᠤᠨ᠂ ᠤᠷᠢᠳᠴᠢᠯᠠᠭᠰᠠᠨ | ᠬᠥᠭᠵᠢᠯᠲᠡ ᠶᠢᠨ ᠤᠬᠠᠮᠰᠠᠷ᠂ ᠥᠪᠡᠷᠮᠢᠴᠡ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠨᠡᠩ ᠭᠦᠨᠵᠡᠭᠡᠶ ᠣᠶᠢᠯᠠᠭᠠᠵᠠᠶ᠃ | ᠪᠢᠳᠡ ︽ᠰᠢᠤᠢ ᠶᠠᠩ ᠤᠨ ᠵᠣᠷᠢᠭ ᠰᠠᠨᠠᠭ᠎ᠠ︾ ᠶᠢ ᠭᠦᠨᠵᠡᠭᠡᠶ ᠣᠶᠢᠯᠠᠭᠠᠵᠤ᠂ ᠢᠯᠠᠩᠭᠤᠶ᠎ᠠ ᠰᠢᠤᠢ ᠶᠠᠩ | ᠪᠦᠯᠦᠭᠯᠡᠯ ᠤᠨ ᠬᠦᠷᠢᠶᠡᠯᠡᠩ ᠲᠣᠭᠤᠷᠢᠭᠴᠢᠯᠠᠭᠰᠠᠨ ᠬᠥᠭᠵᠢᠯᠲᠡ ᠶᠢᠨ ᠰᠡᠳᠬᠢᠮᠵᠢ ᠶᠢ ᠪᠢᠰᠢᠷᠡᠵᠦ ᠪᠠᠶᠢᠨ᠎ᠠ ᠭᠡᠵᠡᠢ᠃ | ᠬᠤᠶᠠᠷ ᠲᠠᠯ᠎ᠠ ᠪᠠᠷ ᠢᠶᠠᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠶ ᠳᠣᠤᠷᠠᠬᠢ ᠬᠠᠮᠲᠤ ᠶᠢᠨ | ᠲᠠᠨᠢᠯᠲᠠ ᠲᠠᠢ ᠪᠣᠯᠪᠠ᠄ ᠨᠢᠭᠡ ᠳᠤ ᠰᠢᠤᠢ ᠶᠠᠩ ᠪᠦᠯᠦᠭᠯᠡᠯ ᠤᠨ ᠬᠡᠤᠷᠰᠢᠭᠦᠯᠬᠦ ᠠᠵᠢᠯ ᠲᠥᠷᠥᠯ ᠤᠨ ᠤᠳᠤᠷᠢᠳᠬᠤ | ᠠᠵᠤ ᠦᠢᠯᠡᠰ ᠪᠠ ᠰᠠᠭᠤᠷᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠡᠯᠬᠢᠶ᠎ᠡ ᠪᠠᠶᠢᠭᠤᠯᠬᠤ᠂ ᠬᠡᠯᠬᠢᠶ᠎ᠡ | ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠰᠦᠯᠵᠢᠶ᠎ᠡ ᠪᠣᠯᠭᠠᠬᠤ ᠬᠥᠭᠵᠢᠯᠲᠡ ᠶᠢᠨ ᠰᠡᠳᠬᠢᠮᠵᠢ ᠶᠣᠰᠣᠭᠠᠷ᠂ | ᠰᠢᠤᠢ ᠶᠠᠩ ᠵᠥᠩ ᠷᠠᠨ ᠤ ᠬᠤᠶᠠᠳᠤᠭᠠᠷ ᠬᠤᠭᠤᠴᠠᠭᠠᠨ ᠤ ᠬᠡᠦᠷᠰᠢᠭᠦᠯᠬᠦ ᠶᠡᠷᠦᠩᠬᠡᠶᠢᠯᠡᠨ ᠠᠰᠢᠭᠯᠠᠯᠲᠠ᠂ ᠬᠠᠭᠤᠷᠠᠢ | ᠬᠡᠤᠷᠰᠢᠭᠦᠯᠦᠨ ᠴᠠᠬᠢᠯᠭᠠᠨ ᠭᠠᠷᠭᠠᠬᠤ᠂ ᠨᠡᠶᠢᠯᠡᠯᠭᠡ ᠰᠢᠪᠲᠦᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠨ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠣᠷᠴᠢᠯ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠠᠶᠢᠭᠤᠯᠤᠨ᠎ᠠ︔ ᠬᠤᠶᠠᠷ ᠲᠤ᠂ ᠰᠢᠤᠢ | ᠶᠠᠩ ᠪᠦᠯᠦᠭᠯᠡᠯ ᠤᠨ ︽ᠬᠦᠷᠢᠶᠡᠯᠡᠩ ᠲᠣᠭᠤᠷᠢᠭᠴᠢᠯᠠᠭᠰᠠᠨ ᠬᠠᠮᠢᠶᠠᠷᠤᠯᠲᠠ︾ ᠶᠢᠨ ᠰᠡᠳᠬᠢᠴᠡ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ | ᠲᠣᠬᠢᠷᠠᠭᠤᠯᠤᠯᠲᠠ᠂ ᠵᠠᠮ ᠤᠨ ᠰᠦᠯᠵᠢᠶᠡᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠡᠵᠡᠩᠨᠡᠯᠲᠡ | ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠬᠦ ᠵᠡᠷᠭᠡ ᠳᠤ ᠢᠳᠡᠪᠬᠢᠲᠡᠢ ᠣᠷᠣᠯᠴᠠᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠥᠪᠯᠡᠷᠡᠭᠦᠯᠬᠦ ᠬᠦᠴᠦᠨ᠂ ᠳᠠᠭᠠᠭᠠᠴᠠ᠂ ᠥᠷᠢᠰᠦᠯᠳᠦᠬᠦ ᠬᠦᠴᠦᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ︔ ᠭᠤᠷᠪᠠ ᠳᠤ ᠴᠢᠩ ᠱᠦᠶ ᠾᠧ ᠰᠢᠶᠠᠨ ᠤ ᠣᠷᠣᠨ ᠪᠠᠶᠢᠷᠢ ᠶᠢᠨ ᠣᠨᠴᠠᠯᠢᠭ᠂ ᠡᠬᠢ | ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠰᠢᠤᠶ ᠶᠠᠩ ᠪᠦᠯᠦᠭᠯᠡᠯ ᠵᠡᠷᠭᠡ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠨᠡᠩ ᠣᠯᠠᠨ ᠬᠦᠷᠢᠶ᠎ᠡ ᠬᠡᠪᠴᠢᠶᠡᠨ ᠤ ᠲᠤᠷᠰᠢᠯᠲᠠ ᠶᠢᠨ ᠲᠠᠰᠤᠭ᠂ ᠰᠤᠳᠤᠯᠤᠨ ᠨᠡᠭᠡᠭᠡᠬᠦ | ᠲᠥᠪ ᠵᠡᠷᠭᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠭᠤᠯᠤᠨ᠂ ᠠᠵᠤ ᠠᠬᠤᠶᠢᠯᠠᠯ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ | ᠳᠥᠷᠪᠡ ᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠠᠬᠤᠶᠢᠯᠠᠯ ᠢ ᠢᠳᠡᠪᠬᠢᠲᠡᠶ ᠬᠠᠮᠵᠢᠨ | ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠨᠧᠷᠭᠢ ᠶᠢᠨ ᠬᠤᠷᠣᠭᠳᠠᠭᠤᠯᠭ᠎ᠠ ᠶᠢᠨ ᠭᠦᠢᠴᠡᠳᠬᠡᠯ ᠲᠤᠭ᠎ᠠ᠂ | ᠭᠠᠷ ᠭᠦᠢᠴᠡᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠶᠡᠬᠡᠪᠡᠷ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠢᠯᠡᠳᠦᠯ ᠢ ᠨᠠᠩ ᠶᠡᠭᠡ ᠪᠠᠷ ᠪᠠᠳᠠᠷᠠᠭᠤᠯᠵᠤ᠂ | ᠬᠥᠭᠵᠢᠯᠲᠡ ᠶᠢ ᠨᠠᠩ ᠶᠡᠭᠡ ᠪᠠᠷ ᠠᠬᠢᠭᠤᠯᠬᠤ ᠶᠢ ᠪᠡᠶᠡᠯᠡᠭᠦᠯᠦᠨ᠎ᠡ︔ ᠲᠠᠪᠤ ᠳᠤ᠂ ᠰᠢᠤᠢ ᠶᠠᠩ ᠪᠦᠯᠦᠭᠯᠡᠯ ᠲᠠᠢ | ᠣᠶᠤᠨᠴᠢ ᠤᠰᠤᠨ ᠤ ᠶᠠᠪᠤᠳᠠᠯ᠂ ᠣᠳᠣ ᠦᠶ᠎ᠡ ᠶᠢᠨ ᠲᠠᠷᠢᠶᠠᠯᠠᠩ ᠵᠡᠷᠭᠡ ᠨᠠᠩ ᠣᠯᠠᠨ ᠬᠦᠷᠢᠶ᠎ᠡ ᠴᠠᠷᠠᠭ᠎ᠠ᠂ ᠨᠠᠩ | ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠵᠠᠰᠠᠭ ᠠᠵᠤ ᠠᠬᠤᠶᠢᠯᠠᠯ ᠬᠠᠮᠲᠤᠪᠠᠷ ᠠᠰᠢᠭ | ᠬᠦᠷᠲᠡᠬᠦ᠂ ᠠᠷᠠᠳ ᠢᠷᠭᠡᠳ ᠠᠰᠢᠭ ᠬᠦᠷᠲᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠴᠢᠷᠮᠠᠶᠢᠨ ᠪᠡᠶᠡᠯᠡᠭᠦᠯᠦᠨ᠎ᠡ ᠭᠡᠵᠡᠢ᠃ | |