ᠣᠶᠢᠷ᠎ᠠ ᠳᠤ ᠴᠢᠩ ᠱᠦᠶ ᠾᠧ ᠰᠢᠶᠠᠨ ᠠᠩᠬᠠᠳᠤᠭᠠᠷ ᠬᠤᠭᠤᠴᠠᠭᠠᠨ ᠤ ᠲᠠᠪᠤᠨ ᠠᠮᠤ ᠶᠢᠨ ᠰᠣᠶᠣᠯ | ᠵᠢᠭᠤᠯᠴᠢᠯᠠᠯ ᠤᠨ ᠤᠯᠠᠷᠢᠯ ᠵᠢᠴᠢ ᠭᠤᠷᠪᠠᠳᠤᠭᠠᠷ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ | ᠪᠠᠶᠠᠷ ᠤᠨ ᠪᠡᠯᠡᠳᠬᠡᠯ ᠲᠣᠬᠢᠷᠠᠭᠤᠯᠤᠯᠲᠠ ᠶᠢᠨ ᠬᠤᠷᠠᠯ ᠬᠢᠵᠡᠶ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ | ᠯᠢᠨ ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠶᠠᠩ ᠳ᠋ᠧ ᠮᠢᠩ ᠬᠤᠷᠠᠯ ᠳᠤ ᠣᠷᠣᠯᠴᠠᠪᠠ᠃ | ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠵᠢᠶᠦ᠋ᠨ ᠬᠤ᠋ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠰᠢᠶᠠᠨ ᠤ ᠰᠣᠶᠣᠯ ᠵᠢᠭᠤᠯᠴᠢᠯᠠᠯ ᠲᠣᠪᠴᠢᠶᠠᠨ ᠤ ᠳᠠᠷᠤᠭ᠎ᠠ ᠴᠧᠨ ᠭᠠᠩ ᠠᠩᠬᠠᠳᠤᠭᠠᠷ | ᠬᠤᠭᠤᠴᠠᠭᠠᠨ ᠤ ᠲᠠᠪᠤᠨ ᠠᠮᠤ ᠰᠣᠶᠣᠯ ᠵᠢᠭᠤᠯᠴᠢᠯᠠᠯ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ | ᠪᠠᠶᠢᠳᠠᠯ ᠢ ᠬᠠᠷᠢᠭᠤ ᠮᠡᠳᠡᠭᠦᠯᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠴᠢ ᠵᠢᠶᠦ᠋ᠨ ᠬᠤ᠋ ︽ᠲᠠᠪᠤᠨ | ᠠᠮᠤ ᠶᠢᠨ ᠰᠣᠶᠣᠯ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠢ ᠰᠢᠭᠤᠳ ᠨᠡᠪᠲᠡᠷᠡᠭᠦᠯᠭᠡ ᠪᠠᠷ ᠳᠡᠯᠭᠡᠷᠡᠭᠦᠯᠬᠦ᠂ ᠭᠤᠤᠯ ᠬᠤᠷᠠᠯ ᠤᠨ ᠲᠠᠯᠠᠪᠠᠢ ᠶᠢᠨ ᠡᠬᠢᠯᠡᠯᠲᠡ ᠶᠢᠨ | ᠶᠣᠰᠣᠯᠠᠯ᠂ ᠲᠠᠷᠢᠶᠠᠯᠠᠩ ᠳᠤ ᠬᠤᠯᠪᠣᠭᠳᠠᠭᠰᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠠᠭᠤᠯᠭ᠎ᠠ ᠵᠢᠴᠢ | ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢᠨ ᠲᠤᠬᠠᠶ ᠪᠠᠶᠢᠷᠢᠯᠠᠭᠤᠯᠤᠯᠲᠠ ᠬᠢᠵᠡᠶ᠃ ᠰᠢᠶᠠᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠳ᠋ᠧ ᠮᠢᠩ ︽ᠲᠠᠪᠤᠨ | ᠠᠮᠤ ᠶᠢᠨ ᠰᠣᠶᠣᠯ︾ ᠵᠡᠷᠭᠡ ᠠᠭᠤᠯᠭ᠎ᠠ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ APP ᠢ ᠲᠣᠬᠢᠷᠠᠭᠤᠯᠤᠨ | ᠬᠡᠷᠡᠭᠯᠡᠬᠦ᠂ ᠰᠦᠯᠵᠢᠶᠡᠨ ᠣᠳᠣ ᠶᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠢᠴᠢ ᠰᠢᠭᠤᠳ | ᠨᠡᠪᠲᠡᠷᠡᠭᠦᠯᠭᠡ ᠶᠢᠨ ᠲᠠᠪᠴᠠᠩ ᠤᠨ ᠠᠵᠢᠯ ᠤᠨ ᠬᠤᠪᠢᠶᠠᠷᠢᠯᠠᠯ ᠵᠡᠷᠭᠡ ᠶᠠᠪᠤᠳᠠᠯ ᠤᠨ ᠲᠤᠬᠠᠶ ᠭᠤᠣᠯᠳᠠᠯᠭ᠎ᠠ ᠲᠠᠢ | ᠴᠢᠬᠤᠯᠠᠴᠢᠯᠠᠪᠠ᠃ | ᠶᠦᠨ ᠯᠢᠨ ᠴᠢᠶᠦ᠋ᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠮᠠᠨ ᠤ ᠰᠢᠶᠠᠨ ᠤ ᠲᠠᠪᠤᠨ ᠠᠮᠤ ᠶᠢᠨ ᠰᠣᠶᠣᠯ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ | ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠠᠩᠬᠠᠳᠤᠭᠠᠷ ᠬᠤᠭᠤᠴᠠᠭᠠᠨ ᠤ | ᠲᠠᠪᠤᠨ ᠠᠮᠤ ᠶᠢᠨ ᠰᠣᠶᠣᠯ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠶᠢ ᠡᠷᠬᠢᠯᠡᠭᠰᠡᠨ ᠶᠠᠪᠤᠳᠠᠯ ᠪᠣᠯ ᠮᠠᠨ ᠤ | ᠰᠢᠶᠠᠨ ᠤ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠪᠠᠷᠢᠯ ᠪᠣᠯᠤᠨ᠎ᠠ᠃ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠠᠷᠠᠭᠤᠯᠬᠤ᠂ ᠮᠠᠨ ᠤ ᠰᠢᠶᠠᠨ ᠤ ᠠᠷᠠᠳ ᠲᠦᠮᠡᠨ ᠤ | ᠠᠭᠤᠤ ᠶᠡᠭᠡ ᠳᠠᠶᠢᠨ ᠢ ᠡᠰᠡᠷᠭᠦᠴᠡᠬᠦ ᠪᠠ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ ᠰᠡᠳᠬᠢᠯ | ᠨᠢᠭᠡᠳᠦᠨ ᠴᠢᠨᠡᠭᠡᠯᠢᠭᠵᠢᠬᠦ ᠪᠠᠷ ᠴᠢᠷᠮᠠᠶᠢᠬᠤ ᠢᠳᠡᠪᠬᠢᠲᠡᠢ ᠳᠦᠷᠰᠦ ᠪᠠᠶᠢᠳᠠᠯ ᠢ ᠢᠯᠡᠷᠡᠭᠦᠯᠬᠦ ᠰᠠᠶᠢᠨ ᠰᠠᠶᠢᠬᠠᠨ ᠠᠵᠠ | ᠲᠣᠬᠢᠶᠠᠯ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠬᠡᠪ ᠰᠤᠷᠲᠠᠯ ᠤᠨ | ᠪᠣᠯᠪᠠᠰᠤᠨ ᠢ ᠳᠡᠭᠡᠭᠰᠢᠯᠡᠭᠦᠯᠬᠦ ᠨᠢᠭᠡ ᠤᠳᠠᠭᠠᠨ ᠤ ᠪᠡᠯᠡᠳᠬᠡᠯ ᠠᠵᠢᠯ ᠪᠣᠯᠤᠨ᠎ᠠ᠂ ᠮᠥᠨ ᠴᠦ ᠮᠠᠨ ᠤ ᠰᠢᠶᠠᠨ ᠤ | ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ | ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠢᠭᠤᠯᠴᠢᠯᠠᠯ ᠤᠨ | ᠤᠯᠠᠷᠢᠯ ᠤᠨ ᠠᠵᠢᠯᠯᠠᠭ᠎ᠠ ᠳᠤ ᠲᠦᠰᠢᠭᠯᠡᠨ᠂ ᠮᠠᠨ ᠤ ᠰᠢᠶᠠᠨ ᠤ ᠭᠤᠤᠯᠳᠠᠯᠭ᠎ᠠ ᠲᠠᠢ ᠦᠵᠡᠮᠵᠢ ᠶᠢᠨ ᠣᠷᠣᠨ᠂ | ᠤᠯᠠᠮᠵᠢᠯᠠᠯᠲᠤ ᠠᠶᠢᠯ ᠲᠣᠰᠬᠤᠨ ᠲᠠᠢ ᠪᠦᠲᠦᠮᠵᠢᠲᠡᠶ ᠪᠠᠷ ᠬᠤᠯᠪᠣᠭ᠎ᠠ ᠠᠪᠴᠤ᠂ ᠶᠠᠷᠢᠶᠠᠨ ᠤ ᠲᠠᠪᠴᠠᠩ ᠡᠷᠭᠢᠯᠡᠬᠦ᠂ | ᠲᠤᠬᠠᠶ ᠶᠢᠨ ᠲᠠᠯᠠᠪᠠᠶ ᠶᠢᠨ ᠳᠡᠯᠭᠡᠨ ᠪᠣᠷᠣᠯᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠡᠯᠪᠡᠭ | ᠬᠤᠷᠢᠶᠠᠯᠲᠠ ᠶᠢ ᠪᠡᠶᠡᠴᠢᠯᠡᠨ ᠣᠶᠢᠯᠠᠭᠠᠬᠤ᠂ ᠲᠣᠭᠤᠷᠢᠨ ᠦᠵᠡᠵᠦ ᠵᠢᠭᠤᠯᠴᠢᠯᠠᠬᠤ ᠵᠡᠷᠭᠡ ᠠᠷᠭ᠎ᠠ ᠮᠠᠶ᠋ᠢᠭ ᠢᠶᠠᠷ ᠪᠥᠬᠦ | ᠰᠢᠶᠠᠨ ᠤ ᠭᠠᠵᠠᠷ ᠵᠦᠶ ᠶᠢᠨ ᠲᠡᠮᠳᠡᠭᠲᠦ ᠦᠢᠯᠡᠳᠬᠦᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠢ | ᠶᠡᠬᠡᠪᠡᠷ ᠲᠠᠨᠢᠯᠴᠠᠭᠤᠯᠵᠤ ᠳᠡᠯᠭᠡᠷᠡᠭᠦᠯᠦᠨ᠎ᠡ︔ ᠡᠯ᠎ᠡ ᠰᠢᠶᠠᠩ ᠪᠠᠯᠭᠠᠰᠤ ᠨᠢ ᠣᠯᠠᠨ ᠲᠦᠮᠡᠨ ᠢ ᠳᠠᠶᠢᠴᠢᠯᠠᠵᠤ | ᠪᠠᠶᠢᠭᠠᠳ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ | ᠲᠠᠷᠢᠶᠠᠴᠢᠳ ᠢ ᠦᠨᠡᠨ ᠬᠦ ᠠᠵᠢᠯᠯᠠᠭᠠᠨ ᠤ ᠭᠤᠤᠯ ᠳᠦᠷᠢ ᠪᠣᠯᠭᠠᠵᠤ᠂ ᠲᠠᠷᠢᠶᠠᠨ ᠭᠠᠵᠠᠷ ᠠᠴᠠ ᠢᠷᠡᠭᠰᠡᠨ | ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠳᠣᠤᠷ᠎ᠠ ᠬᠠᠮᠲᠤ ᠪᠠᠷ ᠦᠵᠡᠭᠦᠯᠵᠦ᠂ ᠴᠢᠩ ᠱᠦᠶ | ᠾᠧ ᠶᠢᠨ ᠨᠡᠷᠡᠲᠦ ᠦᠢᠯᠡᠳᠬᠦᠨ ᠢ ᠨᠠᠩ ᠬᠤᠯᠠ᠂ ᠨᠠᠩ ᠥᠷᠭᠡᠨ ᠳᠡᠯᠭᠡᠷᠡᠭᠦᠯᠬᠦ ᠬᠡᠷᠡᠭᠲᠡᠢ ᠭᠡᠵᠡᠢ᠃ | ᠶᠦᠨ ᠯᠢᠨ ᠴᠢᠶᠦᠩ ᠴᠢᠬᠤᠯᠠᠴᠢᠯᠠᠭᠰᠠᠨ ᠨᠢ᠂ ᠲᠥᠰᠦᠯ ᠢᠶᠠᠨ ᠨᠠᠷᠢᠯᠢᠭᠵᠢᠭᠤᠯᠵᠤ᠂ ᠲᠥᠷᠥᠯ ᠵᠦᠢᠯ | ᠨᠢᠭᠡᠪᠦᠷᠢ ᠶᠢᠨ ᠠᠵᠢᠯᠯᠠᠭ᠎ᠠ ᠶᠢᠨ ᠠᠭᠤᠯᠭ᠎ᠠ ᠶᠢ ᠥᠨᠳᠥᠷ ᠪᠠᠷᠢᠮᠵᠢᠶ᠎ᠠ ᠪᠠᠷ ᠤᠬᠠᠭᠠᠯᠠᠨ ᠰᠡᠳᠦᠵᠦ᠂ ᠭᠤᠭᠴᠤᠭ᠎ᠠ | ᠨᠢᠭᠡᠪᠦᠷᠢ ᠶᠢ ᠰᠠᠶᠢᠲᠤᠷ ᠠᠳᠬᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠮᠲᠤᠷᠠᠨ ᠠᠵᠢᠯᠯᠠᠵᠤ᠂ | ᠬᠥᠮᠦᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠠᠵᠢᠯᠯᠠᠭ᠎ᠠ ᠶᠢ ᠡᠬᠢᠯᠡᠭᠦᠯᠬᠦ ᠡᠮᠦᠨᠡᠬᠢ | ᠬᠤᠭᠤᠴᠠᠭᠠᠨ ᠤ ᠬᠢᠴᠢᠶᠡᠯ ᠢ ᠭᠦᠢᠴᠡᠳ ᠬᠢᠵᠦ᠂ ᠠᠵᠢᠯᠯᠠᠭ᠎ᠠ ᠨᠢᠭᠡᠪᠦᠷᠢ ᠶᠢᠨ ᠠᠮᠠᠯᠠᠭᠰᠠᠨ ᠠᠭᠤᠯᠭ᠎ᠠ ᠶᠢ ᠴᠢᠨᠠᠷ | ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠳᠣᠲᠣᠭᠠᠳᠤ ᠶᠢ ᠬᠠᠮᠠᠭᠠᠯᠠᠬᠤ᠂ ᠰᠣᠶᠣᠯ ᠵᠢᠭᠤᠯᠴᠢᠯᠠᠯ ᠤᠨ | ᠪᠡᠶ᠎ᠡ ᠶᠢᠨ ᠲᠠᠮᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠵᠡᠷᠭᠡ | ᠰᠠᠯᠠᠭ᠎ᠠ ᠮᠥᠴᠢᠷ ᠤᠳ ᠲᠤᠬᠠᠶ ᠶᠢᠨ ᠲᠠᠯᠠᠪᠤᠷ᠂ ᠦᠵᠡᠮᠵᠢ ᠶᠢᠨ ᠣᠷᠣᠨ᠂ ᠵᠠᠮ ᠤᠨ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠬᠠᠮ ᠵᠠᠭᠤᠴᠢᠯᠠᠭᠤᠷ ᠤᠨ ᠲᠥᠪ ᠨᠢ ᠠᠵᠢᠯᠯᠠᠭ᠎ᠠ ᠶᠢᠨ ᠡᠮᠦᠨᠡᠬᠢ ᠬᠤᠭᠤᠴᠠᠭ᠎ᠠ᠂ | ᠶᠠᠪᠤᠴᠠ ᠶᠢᠨ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠠᠵᠢᠯᠯᠠᠭ᠎ᠠ ᠶᠢᠨ ᠳᠠᠷᠠᠭ᠎ᠠ ᠪᠠᠰᠠ ᠵᠠᠯᠭᠠᠭ᠎ᠠ ᠪᠠᠷ | ᠬᠤᠯᠪᠣᠭᠳᠠᠯ ᠪᠦᠬᠦᠢ ᠬᠥᠮᠦᠨ ᠪᠠ ᠦᠯᠢᠭᠡᠷ ᠢ ᠦᠷᠭᠦᠯᠵᠢᠯᠡᠨ ᠮᠥᠷᠳᠡᠵᠦ ᠠᠭᠤᠳᠠᠯᠬᠤ ᠪᠠ ᠭᠦᠨᠵᠡᠭᠡᠶ ᠮᠡᠳᠡᠭᠡᠯᠡᠵᠦ᠂ | ᠨᠡᠶᠢᠲᠡᠯᠢᠭ ᠵᠢᠱᠢᠶ᠎ᠡ ᠪᠠᠷ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ | ᠪᠣᠳᠠᠲᠠᠶ ᠦᠢᠯᠡᠳᠦᠯᠭᠡ ᠶᠢ ᠠᠮᠢᠳᠤᠯᠢᠭ ᠢᠶᠠᠷ ᠲᠡᠮᠳᠡᠭᠯᠡᠬᠦ ᠬᠡᠷᠡᠭᠲᠡᠶ ᠭᠡᠵᠡᠢ᠃ | ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠬᠠᠮ ᠵᠠᠭᠤᠴᠢᠯᠠᠭᠤᠷ ᠤᠨ ᠲᠥᠪ᠂ ᠯᠣᠤ ᠨᠢᠤ ᠫᠦᠸᠧ ᠶᠢᠨ | ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠲᠥᠪ ᠵᠢᠴᠢ ᠬᠡᠰᠡᠭ ᠰᠢᠶᠠᠩ ᠪᠠᠯᠭᠠᠰᠤ᠂ ᠠᠵᠤ ᠠᠬᠤᠶᠢᠯᠠᠯ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |