ᠺᠠᠩ ᠶᠦᠩ ᠴᠢᠶᠠᠩ ᠴᠧᠩ ᠭᠤᠸᠠᠨ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/9/29
     9 ᠳ᠋ᠦ᠋ᠭᠡᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ ᠬᠤᠲᠠ ᠶᠢᠨ ᠪᠣᠭᠤᠮᠲᠠ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ ᠽᠠᠢ ᠵᠢᠶᠦ᠋ᠨ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠤᠷᠢᠳ ᠬᠤᠵᠢᠳ ᠴᠧᠩ ᠭᠤᠸᠠᠨ ᠪᠠᠯᠭᠠᠰᠤᠨ ᠤ ᠺᠦᠨᠰᠢᠨ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠬᠦᠷᠢᠶᠡᠯᠡᠩ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠡᠢ᠃ ᠡᠯ᠎ᠡ ᠭᠠᠵᠠᠷ ᠤᠨ ᠬᠠᠷᠢᠭᠤᠴᠠᠯᠭᠠᠲᠠᠨ ᠤ ᠣᠷᠣᠵᠤ ᠭᠠᠷᠬᠤ ᠬᠠᠮᠢᠶᠠᠷᠤᠯᠲᠠ᠂ ᠠᠮᠢᠳᠤᠷᠠᠯ᠂ ᠣᠯᠠᠨ ᠨᠡᠶᠢᠲᠡ ᠶᠢᠨ ᠣᠷᠣᠨ ᠪᠦᠰᠡ ᠶᠢ ᠠᠷᠢᠭᠤᠳᠬᠠᠬᠤ ᠪᠠ ᠰᠡᠷᠭᠡᠶᠢᠯᠡᠨ ᠬᠠᠮᠠᠭᠠᠯᠠᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠪᠠ᠃      ᠺᠠᠩ ᠶᠦᠩ ᠴᠢᠶᠠᠩ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠤᠨ ᠬᠢᠨ ᠲᠣᠤᠷᠴᠢᠯᠠᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠨᠠᠷᠢᠯᠢᠭᠵᠢᠭᠤᠯᠤᠭᠰᠠᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠬᠠᠮᠢᠶ᠎ᠠ ᠪᠦᠬᠦᠢ ᠬᠥᠮᠦᠰ ᠤᠨ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠪᠠᠷ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠠᠷᠠᠳ ᠤᠯᠠᠨ ᠤ ᠠᠮᠢ ᠨᠠᠰᠤ ᠪᠠ ᠡᠷᠡᠭᠦᠯ ᠮᠡᠨᠳᠤ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1