9 ᠳ᠋ᠦ᠋ᠭᠡᠷ ᠰᠠᠷ᠎ᠠ ᠶᠢᠨ 29 ᠤ ᠡᠳᠦᠷ᠂ ᠪᠥᠬᠦ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ 2020 ᠣᠨ ᠤ 17 ᠳ᠋ᠤᠭᠠᠷ ᠤᠳᠠᠭ᠎ᠠ ᠶᠢᠨ ᠬᠤᠷᠠᠯ ᠰᠢᠶᠠᠨ ᠤ | ᠵᠠᠰᠠᠭ ᠤᠨ ᠣᠷᠳᠣᠨ ᠤ ᠬᠤᠷᠠᠯ ᠤᠨ ᠬᠡᠷ ᠲᠤ ᠬᠤᠷᠠᠯᠳᠤᠪᠠ᠃ | ᠶᠦᠨ ᠯᠢᠨ ᠴᠢᠶᠦ᠋ᠩ᠂ ᠸᠠᠩ ᡁᠢ ᠴᠢᠶᠠᠩ᠂ ᠵᠠᠩ ᠮᠢᠨ ᠴᠦᠨ᠂ ᠴᠢ ᠵᠢᠶᠦ᠋ᠨ ᠬᠤ᠋᠂ ᠯᠢ ᠵᠢᠶᠦ᠋ᠨ᠂ ᠯᠢᠦ | ᠽᠠᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠳᠤ | ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠬᠤᠷᠠᠯ ᠢ ᠡᠷᠭᠢᠯᠡᠪᠡ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠬᠤᠷᠠᠯ ᠳᠡᠭᠡᠷ᠎ᠡ ᠶᠠᠷᠢᠶᠠᠨ ᠳᠠᠭᠠᠨ ᠵᠢᠭᠠᠵᠤ | ᠭᠠᠷᠭᠠᠭᠰᠠᠨ ᠨᠢ᠂ ᠾᠧ ᠬᠠᠢ ᠳ᠋ᠦᠩ ᠱᠦᠵᠢ ᠶᠢᠨ 9 ᠳ᠋ᠦ᠋ᠭᠡᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ | ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤ ᠲᠤᠰᠬᠠᠬᠤ ᠬᠤᠷᠠᠯ ᠳᠡᠭᠡᠷ᠎ᠡ | ᠶᠠᠷᠢᠭᠰᠠᠨ ᠣᠪᠣᠷ ᠢᠶᠠᠨ ᠢᠯᠡᠳᠬᠡᠬᠦ ᠦᠭᠡ ᠶᠢ ᠨᠠᠢᠮᠠᠨ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠨᠢᠭᠡ ᠳᠤ ᠠᠰᠠᠭᠤᠳᠠᠯ ᠢ ᠢᠯᠭᠠᠷᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠬᠤᠶᠠᠷ ᠲᠤ | ᠶᠠᠳᠠᠭᠤ ᠬᠦᠴᠢᠷᠳᠡᠯᠲᠡᠶ ᠬᠥᠳᠡᠯᠮᠦᠷᠢ ᠶᠢᠨ ᠦᠢᠯᠡᠰ ᠤᠨ ᠠᠵᠢᠯ ᠤᠨ ᠪᠠᠶᠢᠷᠢ ᠶᠢᠨ ᠡᠭᠡᠯᠵᠢᠯᠡᠨ ᠠᠵᠢᠯ ᠣᠯᠭᠤᠬᠤ | ᠲᠥᠯᠥᠪᠯᠡᠭᠡ ᠶᠢ ᠥᠷᠨᠢᠭᠦᠯᠦᠨ᠎ᠡ᠃ ᠭᠤᠷᠪᠠ ᠳᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠨ᠎ᠡ᠃ | ᠳᠥᠷᠪᠡ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠲᠠᠪᠤ ᠳᠤ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠎ᠠ᠃ ᠵᠢᠷᠭᠤᠭ᠎ᠠ ᠳᠤ᠂ ᠨᠡᠶᠢᠭᠡᠮ ᠤᠨ ᠶᠠᠳᠠᠭᠤ ᠶᠢ | ᠲᠡᠳᠬᠦᠬᠦ ᠶᠢ ᠦᠷᠭᠦᠯᠵᠢᠯᠡᠨ ᠴᠢᠩᠭᠠᠳᠬᠠᠨ᠎ᠠ᠃ ᠳᠣᠯᠤᠭ᠎ᠠ ᠳᠤ᠂ ᠠᠵᠢᠯ ᠤᠨ ᠬᠠᠮᠤᠷᠬᠤ ᠡᠷᠴᠢᠮ ᠢ | ᠴᠢᠩᠭᠠᠷᠠᠭᠤᠯᠤᠨ᠎ᠠ᠃ ᠨᠠᠢᠮᠠ ᠳᠤ᠂ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ ᠭᠡᠵᠡᠢ᠃ | ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ᠨᠢᠭᠡ ᠳᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠨᠡ ᠤᠳᠠᠭᠠᠨ ᠤ ᠶᠠᠳᠠᠭᠤ ᠶᠢ ᠲᠡᠳᠬᠦᠬᠦ ᠶᠢ ᠰᠢᠮᠳᠠᠭᠤᠯᠤᠨ | ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠤᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ | ᠥᠷᠨᠢᠭᠦᠯᠵᠦ᠂ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠦᠨᠡᠨ ᠬᠦ | ᠣᠨᠣᠪᠴᠢᠲᠠᠶ ᠡᠷᠢᠵᠦ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠤᠨ᠎ᠠ᠃ ᠬᠤᠶᠠᠷ ᠲᠤ ᠡᠯ᠎ᠡ ᠰᠢᠶᠠᠩ ᠪᠠᠯᠭᠠᠰᠤ᠂ | ᠡᠯ᠎ᠡ ᠰᠠᠯᠠᠭ᠎ᠠ ᠮᠥᠴᠢᠷ ᠤᠳ ᠪᠣᠳᠠᠲᠠᠶ ᠠᠷᠭ᠎ᠠ ᠬᠡᠮᠵᠢᠶ᠎ᠡ ᠠᠪᠴᠤ᠂ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠡᠯ᠎ᠡ ᠰᠢᠶᠠᠩ | ᠪᠠᠯᠭᠠᠰᠤ ᠨᠢ ᠰᠢᠶᠠᠨ ᠤ ᠪᠠᠷᠢᠮᠵᠢᠶ᠎ᠠ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠡᠯ᠎ᠡ ᠵᠦᠢᠯ ᠤᠨ ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠲᠠᠷᠠᠭᠠᠴᠢ ᠶᠢᠨ | ᠠᠯᠬᠤᠮ ᠤᠨ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠲᠤᠬᠠᠶ ᠪᠥᠬᠦ ᠲᠠᠯ᠎ᠠ ᠶᠢᠨ ᠲᠣᠬᠢᠷᠠᠭᠤᠯᠤᠯᠲᠠ ᠬᠢᠪᠠ᠃ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ︽ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠬᠡᠷ ᠤᠨ 2020 ᠣᠨ ᠤ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠠᠩᠬ᠎ᠠ | ᠠᠯᠬᠤᠮ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠵᠠᠷᠯᠠᠨ ᠮᠡᠳᠡᠭᠳᠡᠭᠰᠡᠨ | ᠪᠥᠭᠡᠳ ᠪᠣᠳᠠᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠮᠠᠨ ᠤ | ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠶᠡᠷᠦᠩᠬᠡᠢ ᠠᠩᠬᠢ ᠶᠢᠨ ᠳᠠᠷᠤᠭ᠎ᠠ ᠯᠢ ᠬᠤᠩ ᠭᠤᠸᠠᠩ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠲᠤᠬᠠᠢ ᠴᠢᠨᠠᠭᠰᠢᠳᠠ | ᠴᠢᠬᠤᠯᠠᠴᠢᠯᠠᠪᠠ᠃ | ᠡᠯ᠎ᠡ ᠰᠢᠶᠠᠩ ᠢ ᠳᠠᠭᠠᠭᠠᠴᠢᠯᠠᠭᠰᠠᠨ ᠠᠪᠤᠭᠰᠠᠨ ᠰᠢᠶᠠᠨ ᠤ ᠱᠠᠲᠤᠨ ᠤ ᠤᠳᠤᠷᠢᠳᠤᠯᠭ᠎ᠠ ᠵᠢᠴᠢ ᠰᠢᠶᠠᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ | ᠨᠢᠭᠡᠴᠡ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ | ᠪᠣᠯᠤᠨ ᠶᠠᠳᠠᠭᠤ ᠶᠢ ᠲᠡᠳᠬᠦᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠩ ᠪᠠᠯᠭᠠᠰᠤᠨ ᠤ ᠳᠡᠳ᠋ ᠳᠠᠷᠤᠭ᠎ᠠ | ᠬᠤᠷᠠᠯ ᠳᠤ ᠣᠷᠣᠯᠴᠠᠪᠠ᠃ |