ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ︽ᠬᠥᠬᠡ ᠬᠤᠲᠠ ᠶᠢᠨ ᠰᠠᠬᠢᠯᠭ᠎ᠠ ᠪᠠᠲᠤ ᠶᠢᠨ ᠶᠠᠷᠢᠶ᠎ᠠ︾ ᠬᠢᠴᠢᠶᠡᠯ ᠤᠨ ᠲᠠᠩᠬᠢᠮ ᠤᠨ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠢ ᠦᠨᠳᠦᠰᠦᠨ ᠱᠠᠲᠤᠨ ᠤ ᠨᠠᠮ ᠤᠨ ᠡᠭᠦᠷ ᠲᠤ ᠣᠷᠣᠭᠤᠯᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2020/9/8
     ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠢ ᠶᠠᠷᠢᠵᠤ᠂ ᠳᠡᠷᠭᠡᠳᠡᠬᠢ ᠰᠢᠨ᠎ᠡ ᠠᠮᠢᠳᠤᠯᠢᠭ ᠨᠡᠶᠢᠲᠡᠯᠢᠭ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶᠡᠨ ᠳᠡᠭᠡᠷᠡᠬᠢ 3D ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠳᠤ ᠳᠠᠬᠢᠨ ᠬᠢᠨᠠᠯᠲᠠ ᠲᠠᠯᠪᠢᠵᠤ᠂ 8 ᠳ᠋ᠤᠭᠠᠷ ᠰᠠᠷ᠎ᠠ ᠶᠢᠨ 28 ᠤ ᠡᠳᠦᠷ ᠠᠴᠠ ᠨᠠᠰᠢ᠂ ᠶᠣᠣ ᠭᠸᠦ ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠷᠢᠳ ᠬᠤᠵᠢᠳ ᠪᠠᠶᠢᠭᠤᠯᠭ᠎ᠠ ᠶᠢᠨ ᠨᠠᠮ ᠤᠨ ᠡᠭᠦᠷ᠂ ᠲᠠ ᠡᠯ ᠯᠢᠶᠠᠩ ᠲᠣᠰᠬᠤᠨ ᠤ ᠨᠠᠮ ᠤᠨ ᠡᠭᠦᠷ᠂ ᠳ᠋ᠦᠶ ᠵᠢᠦ ᠶᠠᠨ ᠲᠣᠰᠬᠤᠨ ᠤ ᠨᠠᠮ ᠤᠨ ᠡᠭᠦᠷ᠂ ᠪᠦᠦ ᠼᠠᠨ ᠸᠠ ᠲᠣᠰᠬᠤᠨ ᠤ ᠨᠠᠮ ᠤᠨ ᠡᠭᠦᠷ ᠡᠶᠢᠮᠦ ᠠᠷᠭ᠎ᠠ ᠬᠡᠯᠪᠡᠷᠢ ᠪᠠᠷ ︽ᠬᠥᠬᠡ ᠬᠤᠲᠠ ᠶᠢᠨ ᠰᠠᠬᠢᠯᠭ᠎ᠠ ᠪᠠᠲᠤ ᠶᠢᠨ ᠶᠠᠷᠢᠶ᠎ᠠ︾ ᠬᠢᠴᠢᠶᠡᠯ ᠤᠨ ᠲᠠᠩᠬᠢᠮ ᠤᠨ ᠰᠡᠷᠡᠮᠵᠢᠯᠡᠭᠦᠯᠬᠦ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠡᠭᠦᠷ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃      ︽ᠬᠥᠬᠡ ᠬᠤᠲᠠ ᠶᠢᠨ ᠰᠠᠬᠢᠯᠭ᠎ᠠ ᠪᠠᠲᠤ ᠶᠢᠨ ᠶᠠᠷᠢᠶ᠎ᠠ︾ ᠶᠢᠨ ᠬᠢᠴᠢᠶᠡᠯ ᠤᠨ ᠲᠠᠩᠬᠢᠮ ᠢ ᠥᠷᠨᠢᠭᠦᠯᠬᠦ ᠡᠶᠢᠮᠦ ᠣᠨᠴᠠᠯᠢᠭ ᠲᠠᠢ ᠪᠦᠲᠦᠮᠵᠢᠲᠡᠶ ᠠᠷᠭ᠎ᠠ ᠪᠠᠷ ᠳᠠᠮᠵᠢᠭᠤᠯᠤᠨ ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠦᠵᠡᠭᠳᠡᠯ ᠭᠠᠷᠬᠤ ᠶᠢ ᠡᠬᠢ ᠡᠭᠦᠰᠦᠯ ᠠᠴᠠ ᠨᠢ ᠪᠦᠲᠦᠮᠵᠢᠲᠡᠶ ᠬᠤᠷᠢᠭᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠢᠯᠵᠠᠷᠠᠬᠤ ᠵᠣᠷᠢᠭ ᠦᠭᠡᠶ᠂ ᠢᠯᠵᠠᠷᠠᠵᠤ ᠪᠣᠯᠬᠤ ᠦᠭᠡᠶ᠂ ᠢᠯᠵᠠᠷᠠᠬᠤ ᠰᠠᠨᠠᠭ᠎ᠠ ᠦᠭᠡᠶ ᠪᠠᠶᠢᠬᠤ ᠶᠢ ᠨᠢᠭᠡ ᠴᠣᠭᠴᠠ ᠪᠠᠷ ᠠᠬᠢᠭᠤᠯᠵᠤ᠂ ᠪᠦᠬᠦ ᠰᠢᠶᠠᠩ ᠤᠨ ᠬᠡᠪᠴᠢᠶᠡᠨ ᠳᠣᠲᠣᠷ᠎ᠠ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1