ᠵᠢᠯ ᠪᠦᠷᠢ ᠶᠢᠨ ᠠᠯᠲᠠᠨ ᠨᠠᠮᠤᠷ ᠤᠨ ᠴᠠᠭ ᠲᠤ᠂ ᠲᠣᠭᠲᠠᠬᠤ ᠰᠢᠶᠠᠨ ᠤ ᠬᠠᠲᠤᠨ ᠭᠤᠣᠯ ᠤᠨ | ᠡᠷᠭᠢ ᠭᠠᠵᠠᠷ ᠤᠨ ᠠᠶᠢᠯ ᠡᠷᠦᠬᠡ ᠪᠦᠷᠢ ᠨᠢᠭᠡ ᠨᠢᠭᠡ ᠬᠡᠯᠬᠢᠶ᠎ᠡ ᠤᠯᠠᠭᠠᠨ ᠯᠠᠵᠤᠤ ᠪᠠᠷ ᠴᠢᠮᠡᠭᠳᠡᠵᠦ᠂ ᠭᠠᠵᠠᠷ | ᠪᠣᠯᠭᠠᠨ ᠳᠤ ᠡᠯᠪᠡᠭ ᠬᠤᠷᠢᠶᠠᠯᠲᠠ ᠶᠢᠨ ᠰᠢᠨᠵᠢ ᠲᠣᠳᠣᠬᠠᠨ᠃ | ᠲᠣᠭᠲᠠᠬᠤ ᠰᠢᠶᠠᠨ ᠤ ᠤᠯᠠᠭᠠᠨ ᠯᠠᠵᠤᠤ ᠪᠣᠯ ᠨᠢᠭᠡ ᠵᠦᠢᠯ ᠤᠨ ᠬᠠᠳᠠᠭᠠᠭᠰᠠᠨ ᠯᠠᠵᠤᠤ ᠪᠣᠯᠤᠨ᠎ᠠ᠂ | ᠬᠥᠬᠡᠬᠤᠲᠠ ᠶᠢᠨ ᠬᠥᠮᠦᠨ ᠪᠦᠬᠦᠨ ᠤ ᠮᠡᠳᠡᠳᠡᠭ ᠨᠡᠷᠡᠳᠡᠢ ᠣᠨᠴᠠ ᠭᠠᠷᠤᠯᠲᠠ ᠶᠢᠨ ᠨᠢᠭᠡ ᠪᠣᠯᠤᠨ᠎ᠠ᠂ ᠨᠡᠩ ᠴᠤ | ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠪᠣᠯᠤᠨ᠎ᠠ᠂ ᠲᠡᠭᠦᠨ ᠤ ᠳᠠᠷᠢᠵᠤ | ᠤᠷᠭᠤᠭᠤᠯᠤᠭᠰᠠᠨ ᠲᠡᠦᠬᠡ ᠨᠢ ᠥᠨᠢ ᠤᠳᠠᠭᠠᠨ᠂ ᠬᠡᠯᠪᠡᠷᠢ ᠳᠦᠷᠰᠦ ᠨᠢ ᠳ᠋ᠧᠩᠯᠦ ᠮᠡᠲᠦ ᠪᠣᠯᠬᠤᠷ ︽ᠳ᠋ᠧᠩᠯᠦ ᠶᠢᠨ | ᠤᠯᠠᠭᠠᠨ︾ ᠭᠡᠬᠦ ᠰᠠᠶᠢᠬᠠᠨ ᠨᠡᠷ᠎ᠡ ᠲᠠᠢ ᠪᠣᠯᠵᠠᠢ᠃ ᠭᠠᠯ ᠤᠯᠠᠭᠠᠨ ᠯᠠᠵᠤᠤ ᠤᠨ ᠰᠠᠶᠢᠨ ᠢᠶᠠᠷ ᠲᠠᠷᠢᠶᠠᠴᠢᠳ ᠴᠦ | ᠪᠠᠳᠠᠷᠠᠨ ᠲᠡᠭᠵᠢᠷᠡᠭᠰᠡᠨ ᠠᠮᠢᠳᠤᠷᠠᠯ ᠢ ᠡᠳ᠋ᠯᠡᠬᠦ ᠪᠣᠯᠵᠠᠢ᠃ | ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ᠣᠷᠣᠨ ᠨᠤᠲᠤᠭ ᠤᠨ ᠢᠳᠡᠭᠡᠨ ᠤᠮᠳᠠᠭᠠᠨ ᠤ | ᠣᠨᠴᠠᠯᠢᠭ ᠲᠠᠢ ᠪᠠᠨ ᠤᠶᠠᠯᠳᠤᠭᠤᠯᠤᠨ᠂ ᠲᠠᠷᠢᠶᠠᠴᠢᠳ ᠤᠨ ᠬᠤᠷᠰᠢᠶ᠎ᠠ ᠳᠤ ᠲᠦᠰᠢᠭᠯᠡᠨ ᠯᠠᠵᠤᠤ ᠶᠢᠨ ᠨᠠᠷᠠᠲᠤ | ᠲᠡᠮᠳᠡᠭ ᠢ ᠪᠥᠬᠦ ᠬᠦᠴᠦᠨ ᠢᠶᠠᠷ ᠢᠶᠠᠨ ᠡᠭᠦᠳᠴᠦ᠂ ᠲᠣᠰᠣᠨ ᠳᠤ ᠪᠤᠴᠠᠯᠭᠠᠭᠰᠠᠨ ᠯᠠᠵᠤᠤ ᠂ ᠲᠥᠪᠡᠳ ᠬᠠᠰᠢ ᠶᠢᠨ | ᠯᠠᠵᠤᠤ ᠶᠢᠨ ᠵᠢᠶᠠᠩ᠂ ᠯᠠᠵᠤᠤ ᠶᠢᠨ ᠲᠣᠰᠣ᠂ ᠯᠠᠵᠤᠤ ᠶᠢᠨ ᠨᠣᠨᠳᠠᠭ ᠵᠡᠷᠭᠡ ᠰᠢᠷᠢᠰ ᠪᠦᠲᠦᠭᠡᠭᠳᠡᠬᠦᠨ ᠨᠢ ᠳᠥᠷᠪᠡᠨ | ᠵᠦᠭ ᠤᠨ ᠵᠣᠴᠢᠳ ᠤᠨ ᠲᠠᠭᠠᠰᠢᠶᠠᠯ ᠢ ᠣᠯᠵᠤ᠂ ᠨᠢᠭᠡᠨᠲᠡ ᠬᠥᠮᠦᠰ ᠤᠨ ᠲᠥᠷᠥᠯ ᠰᠠᠳᠤᠨ ᠨᠠᠶᠢᠵᠠ | ᠨᠥᠬᠦᠳ ᠲᠠᠢ ᠪᠠᠨ ᠵᠣᠯᠭᠠᠬᠤ᠂ ᠪᠠᠶᠠᠷ ᠤᠨ ᠡᠳᠦᠷ ᠤᠨ ᠪᠡᠯᠡᠭ ᠬᠦᠷᠭᠡᠬᠦ ᠣᠬᠢ ᠪᠦᠲᠦᠭᠡᠭᠳᠡᠬᠦᠨ ᠪᠣᠯᠤᠭᠰᠠᠨ | ᠪᠠᠶᠢᠨ᠎ᠠ᠃ ᠣᠳᠣᠬᠠᠨ ᠳᠤ᠂ ᠪᠥᠬᠦ ᠰᠢᠶᠠᠨ ᠤ ᠯᠠᠵᠤᠤ ᠳᠠᠷᠢᠬᠤ ᠲᠠᠯᠠᠪᠠᠶ ᠨᠢ 3120 ᠮᠥ ᠪᠠᠶᠢᠵᠤ᠂ ᠮᠥ | ᠪᠦᠷᠢ ᠶᠢᠨ ᠤᠨᠠᠯᠲᠠ ᠨᠢ 4000 — 5000 ᠵᠢᠩ ᠬᠦᠷᠴᠦ᠂ ᠬᠠᠲᠠᠭᠠᠭᠰᠠᠨ ᠤ ᠳᠠᠷᠠᠭ᠎ᠠ ᠵᠢᠩ ᠪᠦᠷᠢ ᠶᠢᠨ | ᠬᠤᠳᠠᠯᠳᠤᠬᠤ ᠦᠨ᠎ᠡ ᠨᠢ 20 ᠲᠥᠭᠦᠷᠢᠭ ᠲᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ 2000 ᠭᠠᠷᠤᠶ | ᠲᠦᠮᠡᠨ ᠲᠥᠭᠦᠷᠢᠭ ᠲᠤ ᠬᠦᠷᠳᠡᠭ᠃ ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠥᠷᠭᠡᠨ ᠰᠡᠭᠦᠳᠡᠷᠯᠡᠪᠡ |