ᠡᠯ᠎ᠡ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠬᠦᠢᠴᠡᠳᠭᠡᠭᠴᠢ᠂ | ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠳᠤ᠄ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠤᠤᠯ ᠴᠣᠭᠴᠠ ᠶᠢᠨ ᠠᠷᠠᠯᠵᠢᠶ᠎ᠠ ᠶᠢᠨ ᠥᠪᠡᠷ ᠤᠨ ᠥᠷᠲᠡᠭ ᠢ | ᠦᠨᠡᠨᠬᠦ ᠪᠠᠭᠤᠷᠠᠭᠤᠯᠬᠤ ᠶᠢᠨ ᠲᠤᠰᠠᠳᠠ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠨᠢ 2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠠᠴᠠ | ᠡᠬᠢᠯᠡᠨ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠤᠨ | ᠲᠠᠪᠴᠠᠩ ᠢ ᠲᠤᠷᠰᠢᠨ ᠠᠵᠢᠯᠯᠠᠭᠤᠯᠤᠨ᠎ᠠ᠃ | ᠨᠢᠭᠡ᠂ ᠲᠤᠷᠰᠢᠨ ᠠᠵᠢᠯᠯᠠᠭᠤᠯᠬᠤ ᠬᠡᠪᠴᠢᠶ᠎ᠡ | 1. 2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠬᠥᠬᠡᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠬᠡᠷ ᠪᠠᠶᠢᠰᠢᠩ ᠤᠨ ᠢᠨᠵᠧᠨᠧᠷᠢᠩ ᠬᠤᠲᠠ ᠶᠢᠨ ᠶᠠᠪᠤᠳᠠᠯ᠂ ᠤᠰᠤᠨ | ᠠᠰᠢᠭᠯᠠᠯᠲᠠ ᠶᠢᠨ ᠢᠨᠵᠧᠨᠧᠷᠢᠩ᠂ ᠵᠠᠮ ᠬᠠᠷᠢᠯᠴᠠᠭᠠᠨ ᠤ ᠢᠨᠵᠧᠨᠧᠷᠢᠩ ᠤᠨ ᠲᠥᠷᠥᠯ ᠵᠦᠢᠯ᠃ ᠳᠠᠭᠠᠭᠠᠴᠢᠯᠠᠯᠲᠠ | ᠬᠦᠯᠢᠶᠡᠬᠦ ᠠᠵᠤ ᠠᠬᠤᠶᠢᠯᠠᠯ ᠳᠠᠭᠠᠭᠠᠯᠲᠠ ᠬᠢᠬᠦ ᠪᠠᠶᠢᠭᠤᠯᠤᠮᠵ᠊ ᠢ ᠥᠪᠡᠷᠲᠡᠭᠡᠨ ᠰᠤᠩᠭᠤᠵᠤ ᠡᠯᠧᠺᠲᠷᠤᠨ | ᠳᠠᠭᠠᠭᠠᠯᠲᠠ ᠬᠢᠬᠦ ᠪᠠᠲᠤᠯᠠᠭ᠎ᠠ ᠶᠢᠨ ᠪᠢᠴᠢᠭ ᠤᠨ ᠠᠷᠭ᠎ᠠ ᠬᠡᠯᠪᠡᠷᠢ ᠪᠠᠷ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ | ᠮᠥᠩᠭᠦ ᠪᠠᠨ ᠭᠡᠷᠡᠴᠢᠯᠡᠭᠦᠯᠵᠦ ᠪᠣᠯᠤᠨ᠎ᠠ᠃ | 2. ᠲᠤᠰ ᠤᠳᠠᠭ᠎ᠠ ᠳᠠᠪᠴᠠᠩ ᠳᠤ ᠣᠷᠤᠭᠤᠯᠤᠭᠰᠠᠨ ᠡᠯᠧᠺᠲᠷᠣᠨ ᠪᠠᠲᠤᠯᠠᠭ᠎ᠠ ᠶᠢᠨ ᠵᠠᠬᠢᠳᠠᠯ ᠬᠠᠩᠭᠠᠬᠤ | ᠪᠠᠩᠭᠢ ᠄ | ᠥᠪᠥᠷ ᠮᠣᠩᠭᠤᠯ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠹᠧᠩ | ᠵᠸᠦ ᠵᠠᠮ ᠤᠨ ᠰᠠᠯᠪᠤᠷᠢ ᠪᠠᠩᠬᠢ | ᠳᠤᠮᠳᠠᠳᠤ ᠤᠯᠤᠰ ᠤᠨ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠳ᠋ᠠ ᠪᠧᠶ | ᠵᠡᠭᠡᠯᠢ ᠶᠢᠨ ᠰᠠᠯᠪᠤᠷᠢ ᠪᠠᠩᠬᠢ | ᠬᠤᠳᠠᠯᠳᠤᠭᠠᠴᠢᠨ ᠣᠷᠢᠬᠤ ᠪᠠᠩᠬᠢ ᠶᠢᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠥᠬᠡᠬᠤᠲᠠ ᠳᠠᠬᠢ | ᠬᠤᠪᠢᠶᠠᠷᠢ ᠪᠠᠩᠬᠢ | ᠬᠤᠶᠠᠷ᠂ ᠲᠤᠷᠰᠢᠨ ᠠᠵᠢᠯᠯᠠᠭᠤᠯᠬᠤ ᠬᠤᠯᠪᠤᠭᠳᠠᠯ ᠪᠥᠬᠦᠶ ᠱᠠᠭᠠᠷᠳᠠᠯᠭ᠎ᠠ | 1. ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠭᠴᠢ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠪᠢᠴᠢᠭ ᠮᠠᠲ᠋ᠧᠷᠢᠶᠠᠯ ᠳᠤ ︽ᠡᠯᠧᠺᠲᠷᠣᠨ ᠳᠠᠭᠠᠭᠠᠯᠲᠠ ᠶᠢᠨ ᠪᠠᠲᠤᠯᠠᠭ᠎ᠠ ᠶᠢᠨ ᠪᠢᠴᠢᠭ︾ ᠤᠨ ᠲᠤᠬᠠᠶ ᠵᠦᠢᠯ | ᠵᠤᠷᠪᠤᠰ ᠪᠠ ᠠᠭᠤᠯᠭ᠎ᠠ ᠶᠢ ᠲᠤᠬᠢᠷᠠᠭᠤᠯᠬᠤ ᠦᠶ᠎ᠡ ᠳᠤ᠂ ᠵᠠᠷᠴᠢᠮ ᠨᠢ ︽ᠨᠢᠭᠡ ᠳᠠᠭᠠᠭᠠᠴᠢᠯᠠᠯᠲᠠ ᠶᠢᠨ ᠬᠡᠰᠡᠭ ᠨᠢᠭᠡ | ᠪᠠᠲᠤᠯᠠᠭ᠎ᠠ ᠶᠢᠨ ᠪᠢᠴᠢᠭ︾ ᠪᠣᠯᠤᠨ᠎ᠠ᠂ ᠡᠨᠡ ᠨᠢ ᠭᠤᠤᠯᠳᠠᠭᠤ ᠠᠵᠤ ᠠᠬᠤᠶᠢᠯᠠᠯ ᠣᠯᠠᠨ ᠳᠠᠭᠠᠭᠠᠴᠢᠯᠠᠯᠲᠠ ᠶᠢᠨ | ᠬᠡᠰᠡᠭ ᠤᠨ ᠳᠠᠭᠠᠭᠠᠴᠢᠯᠠᠯᠲᠠ ᠳᠤ ᠣᠷᠣᠯᠴᠠᠬᠤ ᠳᠤ᠂ ᠳᠠᠭᠠᠭᠠᠴᠢᠯᠠᠯᠲᠠ ᠶᠢᠨ ᠬᠡᠰᠡᠭ ᠨᠢᠭᠡᠪᠦᠷᠢ ᠳᠤ ᠴᠥᠮ ᠨᠢᠭᠡ | ᠬᠤᠪᠢ ᠲᠤᠰᠠᠭᠠᠷ ᠡᠯᠧᠺᠲᠷᠣᠨ ᠪᠠᠲᠤᠯᠠᠭ᠎ᠠ ᠶᠢᠨ ᠪᠢᠴᠢᠭ ᠬᠠᠩᠭᠠᠬᠤ ᠬᠡᠷᠡᠭᠲᠡᠶ ᠭᠡᠳᠡᠭ ᠢ ᠲᠣᠳᠣᠷᠬᠠᠶᠢᠯᠠᠨ᠎ᠠ᠃ | ᠡᠯᠧᠺᠲᠷᠣᠨ ᠪᠠᠲᠤᠯᠠᠭ᠎ᠠ ᠶᠢᠨ ᠪᠢᠴᠢᠭ ᠨᠢ ᠳᠠᠭᠠᠭᠠᠴᠢᠯᠠᠯᠲᠠ ᠳᠤ ᠣᠷᠣᠬᠤ ᠬᠤᠭᠤᠴᠠᠭ᠎ᠠ ᠳᠠᠭᠤᠰᠬᠤ ᠠᠴᠠ ᠡᠮᠦᠨ᠎ᠡ | ᠨᠢᠭᠤᠴᠠ ᠪᠢᠴᠢᠭ ᠤᠨ ᠪᠠᠲᠤᠯᠠᠭ᠎ᠠ ᠶᠢᠨ ᠪᠢᠴᠢᠭ ᠪᠠᠶᠢᠵᠤ᠂ ᠳᠠᠭᠠᠭᠠᠴᠢᠯᠠᠯᠲᠠ ᠨᠡᠶᠢᠲᠡᠯᠡᠭᠰᠡᠨ ᠤ ᠲᠡᠷᠠᠭ᠎ᠠ | ᠡᠯᠧᠺᠲᠷᠣᠨ ᠪᠠᠲᠤᠯᠠᠭ᠎ᠠ ᠶᠢᠨ ᠪᠢᠴᠢᠭ ᠨᠢ ᠠᠶᠠᠨᠳᠠᠭᠠᠨ ᠨᠢᠭᠤᠴᠠ ᠨᠢ ᠲᠠᠶᠢᠯᠤᠭᠳᠠᠵᠤ᠂ ᠢᠯᠠ ᠪᠠᠲᠤᠯᠠᠭ᠎ᠠ ᠶᠢᠨ | ᠪᠢᠴᠢᠭ ᠪᠤᠯᠵᠦ ᠬᠤᠪᠢᠷᠠᠨ᠎ᠠ᠃ | 2. ᠳᠠᠭᠠᠭᠠᠴᠢᠯᠠᠯᠲᠠ ᠳᠤ ᠣᠷᠣᠭᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠵᠢᠯᠯᠠᠭ᠎ᠠ ᠳᠤ ᠣᠷᠣᠯᠴᠠᠬᠤ ᠳᠠᠭᠠᠨ᠂ ᠪᠠᠲᠤᠯᠠᠭ᠎ᠠ ᠶᠢᠨ ᠮᠥᠩᠭᠦ ᠲᠤᠰᠢᠶᠠᠬᠤ ᠭᠡᠷᠡᠴᠢᠯᠡᠯ ᠤᠨ ᠠᠷᠭ᠎ᠠ ᠮᠠᠶ᠋ᠢᠭ ᠢ | ᠥᠪᠡᠷᠲᠡᠭᠡᠨ ᠰᠤᠩᠭᠤᠨ᠎ᠠ᠂ ᠠᠯᠢ ᠵᠦᠢᠯ ᠤᠨ ᠠᠷᠭ᠎ᠠ ᠮᠠᠶ᠋ᠢᠭ ᠢ ᠬᠡᠷᠡᠭᠯᠡᠭᠰᠡᠨ ᠴᠦ ᠴᠥᠮ ᠳᠠᠭᠠᠭᠠᠴᠢᠯᠠᠯᠲᠠ ᠳᠤ | ᠣᠷᠣᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠭᠠᠴᠢᠯᠠᠯᠲᠠ ᠳᠤ ᠣᠷᠣᠬᠤ ᠪᠠᠲᠤᠯᠠᠭ᠎ᠠ ᠶᠢᠨ ᠮᠥᠩᠭᠦ | ᠲᠤᠰᠢᠶᠠᠬᠤ ᠪᠤᠶᠤ ᠭᠡᠷᠡᠴᠢᠯᠡᠯ ᠤᠨ ᠠᠵᠢᠯ ᠢ ᠪᠡᠶᠡᠯᠡᠭᠦᠯᠬᠦ ᠬᠡᠷᠡᠭᠲᠡᠶ᠃ | ᠭᠤᠷᠪᠠ᠂ ᠪᠤᠰᠤᠳ ᠨᠠᠷᠢᠨ ᠵᠦᠢᠯᠡᠰ ᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ᠡᠯᠧᠺᠲᠷᠣᠨ | ᠪᠠᠲᠤᠯᠠᠭ᠎ᠠ ᠶᠢᠨ ᠵᠠᠬᠢᠳᠠᠯ ᠢ ᠠᠵᠢᠯᠯᠠᠭᠤᠯᠬᠤ ᠭᠠᠷ ᠳᠡᠪᠲᠡᠷ ᠲᠤ ᠯᠠᠪᠯᠠᠭᠠᠷᠠᠶ᠃ | | 2021 ᠣᠨ ᠤ 10 ᠳ᠋ᠤᠭᠠᠷ ᠰᠠᠷ᠎ᠠ ᠶᠢᠨ 12 ᠤᠨ ᠡᠳᠦᠷ | | ᠢᠷᠡᠯᠲᠡ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ | |