ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠰᠢᠯᠵᠢᠭᠦᠯᠦᠨ ᠳᠠᠩᠰᠠᠯᠠᠬᠤ ᠳᠤ ︽ᠨᠢᠭᠡ ᠭᠤᠭᠴᠤᠭ᠎ᠠ︾ ᠳᠤ ᠪᠡᠶᠡᠯᠡᠬᠦᠯᠬᠦ ᠶᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/9

     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ  ᠰᠢᠯᠢᠳᠡᠭᠵᠢᠬᠦᠯᠵᠦ᠂ ᠠᠵᠤ

ᠠᠬᠤᠶᠢᠯᠠᠯ ᠳᠤ ᠦᠢᠯᠡᠴᠢᠯᠡᠬᠦ ᠲᠤᠰᠬᠠᠶ ᠴᠣᠩᠬᠤ  ᠭᠠᠷᠭᠠᠨ᠂ ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ

ᠳᠡᠩᠰᠡᠯᠡᠯᠲᠡ  ᠬᠢᠬᠦ ᠳᠤ᠂ ᠲᠤᠰᠬᠠᠶ ᠬᠥᠮᠦᠨ ᠢᠶᠠᠷ ᠵᠣᠯᠭᠠᠭᠤᠯᠵᠤ᠂ ᠤᠷᠢᠳᠠᠪᠠᠷ ᠭᠥᠯᠢᠶᠡᠨ ᠠᠪᠴᠤ  ᠰᠢᠢᠳᠪᠦᠷᠢᠯᠡᠨ

᠂  ᠤᠴᠢᠷ  ᠶᠠᠪᠤᠳᠠᠯ ᠤᠨ ᠡᠮᠦᠨᠡᠬᠢ᠂  ᠤᠴᠢᠷ ᠶᠠᠪᠤᠳᠠᠯ ᠤᠨ ᠲᠤᠮᠳᠠᠬᠢ᠂ ᠤᠴᠢᠷ ᠶᠠᠪᠤᠳᠠᠯ ᠤᠨ ᠳᠠᠷᠠᠭᠠᠬᠢ ᠪᠥᠬᠦ

ᠶᠠᠪᠤᠴᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ᠡᠳᠦᠭᠡ ᠬᠤᠯᠪᠣᠭᠳᠠᠯ ᠬᠠᠮᠢᠶ᠎ᠠ ᠪᠦᠬᠦᠢ ᠤᠴᠢᠷ ᠶᠠᠪᠤᠳᠠᠯ ᠢ

ᠳᠣᠤᠷᠠᠬᠢ ᠮᠡᠲᠦ ᠮᠡᠳᠡᠭᠳᠡᠶ᠎ᠡ᠄

     01

     ᠲᠤᠬᠠᠶᠢᠯᠠᠭᠰᠠᠨ ᠠᠵᠢᠯ ᠤᠨ ᠬᠡᠪᠴᠢᠶ᠎ᠡ

     ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠬᠤᠭᠤᠷᠤᠨᠳᠤᠬᠢ ᠤᠯᠤᠰ ᠤᠨ ᠥᠮᠴᠢᠯᠡᠯ ᠤᠨ ᠪᠦᠳᠦᠭᠡᠨ

ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ

ᠦᠯᠡᠳᠡᠭᠡᠯ ᠣᠷᠤᠨ ᠰᠠᠭᠤᠴᠠ ᠶᠢᠨ ᠪᠣᠰᠤ ᠭᠡᠷ ᠪᠠᠶᠢᠰᠢᠩ ᠢ ᠰᠢᠯᠵᠢᠬᠦᠯᠦᠨ ᠲᠠᠩᠰᠠᠯᠠᠬᠤ ᠳᠤ ᠲᠣᠬᠢᠷᠠᠨ᠎ᠠ᠃

     02

     ᠰᠢᠯᠢᠳᠡᠭᠵᠢᠬᠦᠯᠦᠭᠰᠡᠨ ᠴᠤᠪᠤᠷᠠᠯ

     ᠠᠵᠤ ᠠᠬᠤᠶᠢᠯᠠᠯ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ

ᠭᠦᠢᠴᠡᠳᠬᠡᠬᠦ ᠳᠤ ︽ ᠮᠦᠩᠭᠡ ᠰᠣᠪᠠᠭ ᠤᠨ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠰᠬᠠᠶ ᠴᠣᠩᠬᠤᠨ ᠳᠤ

ᠭᠦᠢᠴᠡᠳᠭᠡᠵᠦ᠂ ᠭᠤᠶᠤᠴᠢᠯᠠᠬᠤ᠂ ᠭᠥᠯᠢᠶᠡᠨ ᠠᠪᠴᠤ  ᠰᠢᠢᠳᠪᠦᠷᠢᠯᠡᠬᠦ᠂ ᠦᠨᠡᠮᠯᠡᠯ ᠣᠯᠭᠤᠬᠤ ᠲᠤᠬᠠᠶᠢᠯᠠᠭᠰᠠᠨ

ᠠᠵᠢᠯ ᠤᠨ ᠪᠥᠬᠦ ᠶᠠᠪᠤᠴᠠ  ᠶᠢ ︽ᠨᠢᠭᠡ ᠭᠤᠭᠴᠤᠭ᠎ᠠ︾  ᠳᠤ ᠪᠡᠶᠡᠯᠡᠭᠦᠯᠦᠨ᠎ᠡ᠃ ᠡᠭᠦᠨ ᠤ ᠵᠡᠷᠭᠡᠪᠡᠷ᠂ ᠪᠠᠰᠠ ︽

ᠰᠦᠢᠳᠬᠡᠯ ᠬᠤᠷᠢᠶᠠᠬᠤ ᠦᠭᠡᠶ ᠪᠠᠷ ᠰᠢᠦᠳᠠᠨ ᠢᠶᠠᠷ ᠢᠯᠡᠭᠡᠬᠦ︾ ᠪᠠᠷ  ᠳᠠᠮᠵᠢᠭᠤᠯᠤᠨ ︽ᠥᠯᠥ ᠬᠥᠳᠡᠯᠬᠦ

ᠬᠥᠷᠥᠩᠭᠡ ᠶᠢᠨ ᠡᠷᠬᠡ ᠶᠢᠨ ᠦᠨᠡᠮᠯᠡᠯ︾ ᠢ ᠢᠯᠡᠭᠡᠵᠦ ᠪᠣᠯᠤᠨ᠎ᠠ᠃

     ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ︵

ᠣᠷᠣᠯᠠᠭᠴᠢ︶ ᠭᠤᠶᠤᠴᠢᠯᠠᠬᠤ ︵ᠤᠷᠢᠳᠴᠢᠯᠠᠨ ᠪᠣᠯᠵᠣᠬᠤ ᠬᠡᠷᠡᠭ ᠦᠭᠡᠢ︶ — ︽ᠮᠥᠩᠭᠡ ᠰᠤᠪᠠᠭ᠂ ᠨᠢᠭᠡ

ᠯᠡ ᠤᠳᠠᠭ᠎ᠠ ᠳᠤ ᠬᠦᠢᠴᠡᠳᠬᠡᠬᠦ︾ ᠲᠤᠰᠬᠠᠶ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ — ᠦᠨᠡᠮᠯᠡᠯ

ᠣᠯᠭᠤᠬᠤ᠃

     03

     ᠭᠦᠢᠴᠡᠳᠬᠡᠬᠦ ᠴᠠᠭ ᠤᠨ ᠬᠢᠵᠠᠭᠠᠷᠯᠠᠯ

     ᠠᠵᠤ ᠠᠬᠤᠶᠢᠯᠠᠯ ᠤᠨ ᠬᠤᠭᠤᠷᠤᠨᠳᠤᠬᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ ᠰᠢᠯᠵᠢᠭᠦᠯᠦᠨ

ᠲᠠᠩᠰᠠᠯᠠᠬᠤ ᠶᠢ 90 ᠮᠢᠨᠦ᠋ᠲ ᠲᠤ ᠭᠦᠢᠴᠡᠳᠭᠡᠵᠦ ᠳᠠᠭᠤᠰᠬᠠᠭᠠᠳ ᠦᠨᠡᠮᠯᠡᠯ ᠣᠯᠭᠤᠨ᠎ᠠ᠃

 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1