︵ᠰᠤᠷᠪᠤᠯᠵᠢᠯᠠᠭᠴᠢ ᠮᠢᠶᠣᠣ ᠴᠢᠩ︶ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ | ᠬᠠᠮᠤᠭ ᠤᠨ ᠰᠢᠨ᠎ᠡ ᠮᠡᠳᠡᠭᠡ ᠨᠡᠶᠢᠲᠡᠯᠡᠵᠦ᠂ 11 ᠳ᠋ᠤᠭᠡᠷ ᠰᠠᠷ᠎ᠠ ᠶᠢᠨ 20 ᠤ ᠡᠳᠦᠷ ᠠᠴᠠ 23 ᠤ ᠡᠳᠦᠷ | ᠪᠣᠯᠲᠠᠯ᠎ᠠ ᠦᠨᠳᠦᠷ ᠠᠭᠠᠷ ᠤᠨ ᠬᠦᠢᠳᠡᠨ ᠣᠶᠢᠯ ᠤᠨ ᠨᠥᠯᠥᠭᠡ ᠪᠠᠷ ᠮᠠᠨ ᠤ ᠣᠷᠣᠨ ᠳᠤ ᠠᠭᠠᠷ ᠤᠨ ᠳᠤᠯᠠᠭᠠᠨ | ᠪᠠᠭᠤᠷᠠᠵᠤ ᠴᠠᠰᠤ ᠣᠷᠤᠬᠤ ᠪᠦᠭᠡᠳ ᠶᠡᠭᠡ ᠰᠠᠯᠬᠢ ᠰᠠᠯᠬᠢᠯᠠᠬᠤ ᠪᠣᠶᠣ ᠡᠯᠡᠰᠦᠨ ᠰᠢᠭᠤᠷᠭ᠎ᠠ ᠳᠡᠭᠳᠡᠨ᠎ᠡ᠃ | ᠣᠶᠢᠯᠠᠭᠠᠭᠰᠠᠨ ᠢᠶᠠᠷ᠂ 11 ᠳ᠋ᠤᠭᠡᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠮᠠᠨ ᠤ | ᠣᠷᠣᠨ ᠤ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠣᠷᠣᠨ ᠳᠤ ᠪᠠᠭ᠎ᠠ ᠴᠠᠰᠤ ᠲᠠᠢ᠂ ᠳᠤᠮᠳᠠ ᠪᠡᠶ᠎ᠡ ᠶᠢᠨ | ᠵᠡᠭᠦᠨ ᠬᠡᠰᠡᠭ᠂ ᠵᠡᠭᠦᠨ ᠪᠡᠶ᠎ᠡ ᠶᠢᠨ ᠡᠮᠦᠨ᠎ᠡ ᠬᠡᠰᠡᠭ ᠪᠠ ᠵᠡᠭᠦᠨ ᠬᠡᠰᠡᠭ ᠤᠨ ᠭᠠᠵᠠᠷ ᠣᠷᠣᠨ ᠳᠤ ᠳᠤᠮᠳᠠ ᠠᠴᠠ | ᠶᠡᠭᠡ ᠴᠠᠰᠤ ᠲᠠᠢ︔ ᠳᠤᠮᠳᠠ ᠪᠡᠶ᠎ᠡ ᠶᠢᠨ ᠪᠠᠷᠠᠭᠤᠨ ᠬᠡᠰᠡᠭ ᠤᠨ ᠭᠠᠵᠠᠷ ᠣᠷᠣᠨ ᠳᠤ ᠠᠭᠠᠷ ᠤᠨ ᠳᠤᠯᠠᠭᠠᠨ 6 ᠠᠴᠠ | 8 ᠭᠷᠠᠳᠦ᠋ᠰ ᠪᠠᠭᠤᠷᠠᠵᠤ᠂ ᠳᠤᠮᠳᠠ ᠪᠡᠶ᠎ᠡ ᠪᠠᠷᠠᠭᠤᠨ ᠪᠡᠶ᠎ᠡ ᠶᠢᠨ ᠶᠡᠬᠡᠩᠬᠢ ᠭᠠᠵᠠᠷ ᠣᠷᠣᠨ ᠪᠠ ᠵᠡᠭᠦᠨ ᠡᠮᠦᠨᠡᠲᠦ | ᠪᠡᠶ᠎ᠡ ᠶᠢᠨ ᠭᠠᠵᠠᠷ ᠣᠷᠣᠨ ᠳᠤ 6᠂ 7 ᠲᠠᠰ ᠤᠨ ᠶᠡᠭᠡ ᠰᠠᠯᠬᠢ ᠰᠠᠯᠬᠢᠯᠠᠵᠤ᠂ ᠪᠠᠷᠠᠭᠤᠨ ᠪᠡᠶ᠎ᠡ ᠶᠢᠨ ᠬᠡᠰᠡᠭ ᠭᠠᠵᠠᠷ | ᠣᠷᠣᠨ ᠳᠤ ᠡᠯᠡᠰᠦᠨ ᠰᠢᠭᠤᠷᠭ᠎ᠠ ᠳᠡᠭᠳᠡᠵᠦ ᠮᠡᠳᠡᠨ᠎ᠡ᠂ ᠳᠤᠮᠳᠠ ᠪᠡᠶ᠎ᠡ ᠶᠢᠨ ᠬᠤᠶᠢᠳᠤ ᠬᠡᠰᠡᠭ ᠪᠠ ᠵᠡᠭᠦᠨ | ᠪᠡᠶ᠎ᠡ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ ᠳᠣᠭᠰᠢᠨ ᠰᠢᠭᠤᠷᠭ᠎ᠠ ᠲᠡᠭᠳᠡᠵᠦ ᠮᠡᠳᠡᠨ᠎ᠡ᠃ | 11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 23 ᠤ ᠡᠳᠦᠷ ᠤᠨ 20 ᠴᠠᠭ ᠪᠣᠯᠲᠠᠯ᠎ᠠ᠂ | ᠮᠠᠨ ᠤ ᠣᠷᠣᠨ ᠤ ᠪᠠᠷᠠᠭᠤᠨ ᠪᠡᠶ᠎ᠡ ᠠᠴᠠ ᠵᠡᠭᠦᠨ ᠬᠤᠶᠢᠰᠢ᠂ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠲᠤ | ᠪᠠᠭ᠎ᠠ ᠴᠠᠰᠤ ᠣᠷᠣᠵᠤ᠂ ᠴᠠᠰᠤᠨ ᠤ ᠬᠡᠮᠵᠢᠶ᠎ᠡ 0.1~2.4 ᠮᠢᠯᠢᠮᠧᠲᠷ ᠬᠦᠷᠦᠨ᠎ᠡ︔ ᠤᠯᠠᠭᠠᠨᠴᠠᠪ ᠬᠤᠲᠠ ᠶᠢᠨ | ᠵᠡᠭᠦᠨ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠪᠠ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ | ᠪᠠᠷᠠᠭᠤᠨ ᠬᠡᠰᠡᠭ ᠪᠠ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ | ᠪᠠᠷᠠᠭᠤᠨ ᠬᠡᠰᠡᠭ ᠪᠠ ᠡᠮᠦᠨ᠎ᠡ ᠬᠡᠰᠡᠭ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠵᠡᠭᠦᠨ ᠬᠡᠰᠡᠭ ᠲᠤ | ᠳᠤᠮᠳᠠ ᠵᠡᠷᠭᠡ ᠶᠢᠨ ᠴᠠᠰᠤ ᠤᠷᠤᠵᠤ᠂ ᠴᠠᠰᠤᠨ ᠤ ᠬᠡᠮᠵᠢᠶ᠎ᠡ 2.5 ~ 4.9 ᠮᠢᠯᠢᠮᠧᠲᠷ ᠬᠦᠷᠦᠨ᠎ᠡ︔ | ᠰᠢᠯᠢ ᠶᠢᠨ ᠭᠤᠤᠯ ᠠᠶᠢᠮᠠᠭ ᠤᠨ ᠵᠡᠭᠦᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠳᠤᠮᠳᠠ ᠬᠡᠰᠡᠭ᠂ ᠬᠢᠩᠭᠠᠨ | ᠠᠶᠢᠮᠠᠭ ᠤᠨ ᠪᠠᠷᠠᠭᠤᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠲᠤ ᠴᠠᠰᠤᠨ ᠤ ᠭᠡᠮᠵᠢᠶ᠎ᠡ | 5.0 ~ 9.9 ᠮᠢᠯᠢᠮᠧᠲᠷ ᠬᠦᠷᠴᠦ᠂ ᠶᠡᠭᠡ ᠴᠠᠰᠤ ᠲᠠᠢ᠃ ᠭᠤᠣᠯ ᠴᠠᠰᠤ ᠣᠷᠣᠬᠤ ᠴᠠᠭ ᠨᠢ 11 ᠳ᠋ᠤᠭᠡᠷ | ᠰᠠᠷ᠎ᠠ ᠶᠢᠨ 20 ᠤ ᠰᠥᠨᠢ ᠠᠴᠠ 21 ᠤ ᠡᠳᠦᠷ ᠪᠣᠯᠤᠨ᠎ᠠ᠃ | 11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 22 ᠤᠨ ᠡᠳᠦᠷ ᠤᠨ 20 ᠴᠠᠭ ᠪᠣᠯᠲᠠᠯ᠎ᠠ᠂ | ᠮᠠᠨ ᠤ ᠣᠷᠣᠨ ᠤ ᠪᠠᠷᠠᠭᠤᠨ ᠪᠡᠶ᠎ᠡ ᠶᠢᠨ ᠶᠡᠬᠡᠩᠬᠢ ᠬᠡᠰᠡᠭ᠂ ᠳᠤᠮᠳᠠ ᠪᠡᠶ᠎ᠡ ᠶᠢᠨ ᠪᠠᠷᠠᠭᠤᠨ ᠪᠠ ᠡᠮᠦᠨ᠎ᠡ ᠬᠡᠰᠡᠭ᠂ | ᠵᠡᠭᠦᠨ ᠡᠮᠦᠨᠡᠲᠦ ᠬᠡᠰᠡᠭ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 6 ᠠᠴᠠ 8 ᠭᠷᠠᠳᠦ᠋ᠰ | ᠪᠠᠭᠤᠷᠠᠵᠤ᠂ ᠪᠠᠷᠠᠭᠤᠨ ᠪᠡᠶ᠎ᠡ ᠶᠢᠨ ᠶᠡᠬᠡᠩᠬᠢ ᠬᠡᠰᠡᠭ᠂ ᠳᠤᠮᠳᠠ ᠪᠡᠶ᠎ᠡ ᠶᠢᠨ ᠪᠠᠷᠠᠭᠤᠨ ᠬᠡᠰᠡᠭ ᠤᠨ ᠭᠠᠵᠠᠷ ᠣᠷᠣᠨ ᠤ | ᠠᠭᠠᠷ ᠤᠨ ᠳᠤᠯᠠᠭᠠᠨ 8 ᠠᠴᠠ 10 ᠭᠷᠠᠳᠦ᠋ᠰ ᠠᠴᠠ ᠳᠡᠭᠡᠭᠰᠢ ᠪᠠᠭᠤᠷᠠᠵᠤ᠂ ᠬᠦᠢᠳᠡᠨ ᠤᠷᠤᠰᠬᠠᠯ ᠤᠨ ᠴᠠᠭ | ᠠᠭᠤᠷ ᠢᠯᠡᠷᠡᠨ᠎ᠡ᠃ 11 ᠳ᠋ᠤᠭᠡᠷ ᠰᠠᠷ᠎ᠠ ᠶᠢᠨ 20 ᠤ ᠡᠳᠦᠷ ᠤᠨ 8 ᠴᠠᠭ ᠠᠴᠠ 23 ᠤ ᠡᠳᠦᠷ ᠤᠨ 20 ᠴᠠᠭ | ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠲᠤ ᠪᠠᠷᠠᠭᠤᠨ ᠠᠴᠠ ᠵᠡᠭᠦᠨᠰᠢ ᠪᠠᠨ ᠪᠠᠷᠠᠭᠤᠨ ᠬᠤᠶᠢᠨ᠎ᠠ ᠠᠴᠠ 6᠂ | 7 ᠲᠠᠰ ᠤᠨ ᠰᠠᠯᠬᠢ ᠰᠠᠯᠬᠢᠯᠠᠵᠤ᠂ ᠳᠤᠮᠳᠠ ᠪᠠᠷᠠᠭᠤᠨ ᠪᠡᠶ᠎ᠡ ᠶᠢᠨ ᠬᠤᠶᠢᠳᠤ ᠬᠡᠰᠡᠭ᠂ ᠵᠡᠭᠦᠨ ᠪᠡᠶ᠎ᠡ ᠶᠢᠨ ᠵᠡᠭᠦᠨ | ᠪᠠ ᠡᠮᠦᠨ᠎ᠡ ᠬᠡᠰᠡᠭ ᠤᠨ ᠭᠠᠵᠠᠷ ᠣᠷᠤᠨ ᠳᠤ ᠪᠠᠷᠠᠭᠤᠨ ᠬᠤᠶᠢᠨ᠎ᠠ ᠠᠴᠠ 7᠂ 8 ᠲᠠᠰ ᠤᠨ ᠰᠠᠯᠬᠢ ᠰᠠᠯᠬᠢᠯᠠᠵᠤ᠂ | ᠪᠠᠷᠠᠭᠤᠨ ᠪᠡᠶ᠎ᠡ ᠶᠢᠨ ᠬᠡᠰᠡᠭ ᠭᠠᠵᠠᠷ ᠣᠷᠣᠨ ᠳᠤ ᠡᠯᠡᠰᠦ ᠰᠢᠭᠤᠷᠭ᠎ᠠ ᠲᠡᠭᠳᠡᠨ᠎ᠡ᠃ | |