ᠴᠧᠨ ᠬᠤᠷᠴᠠ ᠬᠤᠩ ᠾᠧ ᠪᠠᠯᠭᠠᠰᠤ ᠶᠢᠨ ᠵᠢᠦᠢ ᠪᠦᠦ ᠵᠤᠸᠠᠩ ᠲᠣᠰᠬᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/14
    12 ᠳ᠋ᠤᠭᠠᠷ ᠰᠠᠷ᠎ᠠ ᠶᠢᠨ 13 ᠤ ᠡᠳᠦᠷ᠂ ᠴᠢᠩ ᠱᠦᠢ ᠡᡁᠧ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠣᠷᠣᠯᠠᠭᠴᠢ ᠳᠠᠷᠤᠭ᠎ᠠ ᠴᠧᠨ ᠬᠤᠷᠴᠠ ᠬᠤᠩ ᠡᡁᠧ ᠪᠠᠯᠭᠠᠰᠤᠨ ᠤ ᠵᠢᠦᠢ ᠪᠦᠦ ᠵᠤᠸᠠᠩ ᠲᠣᠰᠬᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠴᠧᠨ ᠬᠤᠷᠴᠠ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠦᠶ᠎ᠡ ᠳᠤ ᠬᠤᠷᠠᠯᠳᠤᠭᠤᠯᠤᠭᠰᠠᠨ ᠶᠤᠮ᠃ ᠶᠡᠭᠡ ᠬᠤᠷᠠᠯ ᠠᠴᠠ ᠪᠠᠲᠤᠯᠠᠭᠰᠠᠨ ︽ᠰᠢᠢᠳᠪᠦᠷᠢ︾ ᠨᠢ ᠪᠦᠬᠦ ᠨᠠᠮ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠲᠡᠷᠡ ᠵᠢᠭᠠᠵᠤ ᠭᠠᠷᠭᠠᠭᠰᠠᠨ ᠨᠢ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠪᠡᠷ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠵᠢᠯ ᠳᠤ ᠨᠠᠶᠢᠳᠠᠪᠤᠷᠢᠵᠢᠭᠤᠯᠵᠤ᠂ ᠴᠢᠩ ᠱᠦᠢ ᠡᡁᠧ ᠰᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠴᠧᠨ ᠬᠤᠷᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠣᠶᠢᠯᠠᠭᠠᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠠᠭᠤᠯᠬᠤ ᠶᠢ ᠪᠣᠳᠠᠲᠠᠢ ᠠᠵᠢᠯ ᠲᠠᠢ ᠤᠶᠠᠯᠳᠤᠭᠤᠯᠵᠤ᠂ ᠮᠠᠨ ᠤ ᠰᠢᠶᠠᠨ ᠤ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠲᠠᠢ ᠨᠢᠭᠲᠠ ᠤᠶᠠᠯᠳᠤᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠦᠷᠭᠦᠯᠵᠢᠯᠡᠨ ᠠᠬᠢᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠬᠤᠩ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡ᠂ ᠣᠶᠤᠨᠴᠢ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠰᠠᠶᠢᠲᠤᠷ ᠬᠢᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠵᠣᠷᠢᠯᠲᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠢᠯ ᠤᠨ ᠪᠠᠷᠠᠭᠠᠯᠬᠢᠯᠠᠯᠳᠤ ᠴᠢᠨᠠᠷ᠂ ᠰᠢᠰᠲ᠋ᠧᠮᠲᠦ ᠴᠢᠨᠠᠷ᠂ ᠵᠥᠩᠨᠡᠯᠲᠡ ᠶᠢᠨ ᠴᠢᠨᠠᠷ ᠢ ᠴᠢᠩᠭᠠᠳᠬᠠᠵᠤ ᠂ ᠪᠦᠬᠦ ᠰᠢᠶᠠᠨ ᠤ ᠠᠵᠤ ᠠᠬᠤᠢ᠂ ᠠᠮᠢ ᠠᠬᠤᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠣᠳᠠᠲᠠᠢ ᠠᠵᠢᠯᠯᠠᠬᠤ ᠪᠠᠷ ᠪᠣᠳᠠᠲᠤ ᠠᠮᠵᠢᠯᠲᠠ ᠶᠢ ᠡᠭᠦᠳᠬᠦ ᠬᠡᠷᠡᠭᠲᠡᠢ ᠭᠡᠵᠡᠢ᠃      ᠬᠤᠷᠠᠯ ᠠᠴᠠ ᠡᠮᠦᠨ᠎ᠡ᠂ ᠴᠧᠨ ᠬᠤᠷᠴᠠ ᠤᠯᠢᠶᠠᠰᠤᠲᠠᠢ ᠰᠢᠶᠠᠩ ᠤᠨ ᠴᠠᠭᠠᠨ ᠬᠤᠰᠢᠭᠤᠴᠢ ᠠᠶᠢᠯ ᠲᠣᠰᠬᠤᠨ ᠳᠤ ᠤᠷᠢᠳ ᠬᠤᠵᠢᠳ ᠯᠢ ᠧᠨ ᠱᠠᠨ᠂ ᠰᠢᠶᠤᠤ ᠵᠠᠨ ᠴᠧᠩ᠂ ᠳ᠋ᠠᠩ ᡁᠢ ᠯᠢᠶᠠᠩ᠂ ᠯᠢᠦ ᠰᠠᠨ ᠠᠨ ᠵᠡᠷᠭᠡ 4 ᠶᠠᠳᠠᠭᠤ ᠬᠦᠴᠢᠷᠳᠡᠯᠲᠡᠢ ᠬᠡᠷ ᠪᠦᠯᠢ ᠶᠢ ᠡᠷᠬᠢᠨ ᠲᠣᠬᠤᠨᠢᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠪᠡ᠂ ᠬᠤᠷᠠᠯ ᠠᠴᠠ ᠡᠮᠦᠨ᠎ᠡ᠂ ᠴᠧᠨ ᠬᠤᠷᠴᠠ ᠤᠯᠢᠶᠠᠰᠤᠲᠠᠢ ᠰᠢᠶᠠᠩ ᠤᠨ ᠴᠠᠭᠠᠨ ᠬᠤᠰᠢᠭᠤᠴᠢ ᠠᠶᠢᠯ ᠲᠣᠰᠬᠤᠨ ᠳᠤ ᠤᠷᠢᠳ ᠬᠤᠵᠢᠳ ᠯᠢ ᠧᠨ ᠱᠠᠨ᠂ ᠰᠢᠶᠤᠤ ᠵᠠᠨ ᠴᠧᠩ᠂ ᠳ᠋ᠠᠩ ᡁᠢ ᠯᠢᠶᠠᠩ᠂ ᠯᠢᠦ ᠰᠠᠨ ᠠᠨ ᠵᠡᠷᠭᠡ 4 ᠶᠠᠳᠠᠭᠤ ᠬᠦᠴᠢᠷᠳᠡᠯᠲᠡᠢ ᠬᠡᠷ ᠪᠦᠯᠢ ᠶᠢ ᠲᠣᠬᠤᠨᠢᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠪᠡ᠃ ᠲᠡᠷᠡᠴᠢᠯᠡᠨ ᠴᠠᠭᠠᠨ ᠬᠤᠰᠢᠭᠤᠴᠢ ᠠᠶᠢᠯ ᠲᠣᠰᠬᠤᠨ ᠤ ᠨᠠᠮ ᠤᠨ ᠡᠭᠦᠷ ᠤᠨ ᠲᠥᠪ ᠲᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠯᠲᠡ ᠶᠢᠨ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠰᠢᠶᠠᠩ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠰᠡᠭᠦᠯᠴᠢ ᠶᠢᠨ ᠦᠨᠡᠯᠡᠯᠲᠡ︾ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠨᠠᠨ ᠰᠢᠯᠭᠠᠵᠤ ᠦᠨᠡᠯᠡᠬᠦ ᠠᠭᠤᠯᠭ᠎ᠠ ᠶᠢ ᠨᠠᠷᠢᠨ ᠬᠢᠨᠠᠮᠠᠭᠠᠢ ᠬᠠᠷᠢᠴᠠᠭᠤᠯᠵᠤ᠂ ᠡᠷᠦᠬᠡ ᠳᠠᠷᠠᠭᠠᠯᠠᠨ ᠬᠥᠮᠦᠨ ᠳᠤᠮᠳᠠᠴᠢ ᠶᠢᠨ ᠣᠷᠣᠯᠭ᠎ᠠ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠡᠮᠬᠢᠯᠡᠵᠦ᠂ ᠡᠷᠦᠬᠡ ᠪᠦᠷᠢ ᠶᠢᠨ ᠪᠠᠶᠢᠳᠠᠯ ᠢ ᠣᠨᠣᠪᠴᠢᠲᠠᠢ ᠡᠵᠡᠮᠰᠢᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠩ ᠾᠧ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠵᠢᠦᠢ ᠪᠦᠦ ᠵᠤᠸᠠᠩ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠪᠦᠷᠢᠯᠳᠦᠬᠦᠨ ᠵᠢᠴᠢ ᠦᠨᠳᠦᠰᠦᠨ ᠱᠠᠲᠤᠨ ᠤ ᠲᠥᠯᠥᠭᠡᠯᠡᠭᠴᠢ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1