ᠴᠢᠩ ᠱᠦᠢ ᠾᠧ ᠰᠢᠶᠠᠨ ᠤ ᠤᠳᠤᠷᠢᠳᠤᠯᠭ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/12/17
     12 ᠳ᠋ᠤᠭᠠᠷ ᠰᠠᠷ᠎ᠠ ᠶᠢᠨ 15 ᠤ ᠡᠳᠦᠷ᠂ ᠴᠢᠩ ᠱᠦᠢ ᠡᡁᠧ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠹᠦ᠋ ᠵᠧᠨ ᠴᠢᠶᠠᠩ ᠯᠠᠮᠠ ᠶᠢᠨ ᠳᠤᠬᠤᠢ ᠪᠠᠯᠭᠠᠰᠤᠨ ᠤ ᠶᠠᠩ ᠰᠢ ᠯᠢᠶᠠᠩ ᠲᠣᠰᠬᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠬᠤᠷᠠᠯ ᠳᠡᠭᠡᠷ᠎ᠡ᠂ ᠹᠦ᠋ ᠵᠧᠨ ᠴᠢᠶᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠡᠷᠭᠡ ᠭᠤᠷᠪᠠᠨ ᠲᠠᠯ᠎ᠠ ᠠᠴᠠ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠭᠦᠨᠵᠡᠭᠡᠢ ᠲᠠᠶᠢᠯᠪᠤᠷᠢᠯᠠᠪᠠ᠃      ᠹᠦ᠋ ᠵᠧᠨ ᠴᠢᠶᠠᠩ‌ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠡᠭ ᠲᠤ ᠬᠤᠷᠠᠯᠳᠤᠭᠰᠠᠨ ᠨᠢᠭᠡ ᠤᠳᠠᠭ᠎ᠠ ᠶᠢᠨ ᠴᠠᠭ ᠦᠶ᠎ᠡ ᠶᠢ ᠵᠠᠭᠠᠭᠯᠠᠭᠰᠠᠨ᠂ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ ᠠᠴᠠ ᠪᠠᠲᠤᠯᠠᠭᠰᠠᠨ ︽ᠰᠢᠢᠳᠪᠦᠷᠢ︾ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠢᠯᠣᠭᠤᠳᠤᠨ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ ᠠᠭᠤᠤ ᠦᠢᠯᠡᠰ ᠢ ᠡᠭᠦᠳᠦᠨ ᠪᠦᠲᠦᠭᠡᠬᠦ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠂ ᠦᠵᠡᠯ ᠰᠠᠨᠠᠭᠠᠨ ᠤ ᠠᠭᠤᠯᠤᠭᠳᠠᠴᠠ᠂ ᠮᠡᠳᠡᠯᠭᠡ ᠶᠢᠨ ᠠᠭᠤᠯᠤᠭᠳᠠᠴᠠ ᠪᠠᠷ ᠮᠠᠰᠢ ᠪᠠᠶᠠᠯᠢᠭ᠂ ᠠᠴᠢ ᠬᠤᠯᠪᠣᠭᠳᠠᠯ ᠢᠶᠠᠷ ᠲᠦᠢᠯ ᠤᠨ ᠴᠢᠬᠤᠯᠠ ᠶᠡᠭᠡ ᠶᠤᠮ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠩᠭᠡᠷᠡᠭᠰᠡᠨ ᠲᠠᠪᠤᠨ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠵᠢᠷᠤᠭᠯᠠᠪᠠ ᠭᠡᠵᠡᠢ᠃      ᠹᠦ᠋ ᠵᠧᠨ ᠴᠢᠶᠠᠩ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠨᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠳᠤ ᠬᠤᠯᠪᠣᠭᠳᠠᠵᠤ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠦᠬᠦ ᠲᠠᠯ᠎ᠠ ᠪᠠᠷ ᠰᠢᠰᠲ᠋ᠧᠮ ᠲᠠᠢ ᠠᠭᠤᠰᠤᠯᠴᠠᠭᠤᠯᠤᠨ ᠨᠡᠪᠳᠡᠷᠡᠳᠡᠯ᠎ᠠ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠭᠦᠨᠵᠡᠭᠡᠢ ᠰᠡᠳᠬᠢᠵᠦ᠂ ᠰᠤᠷᠤᠯᠴᠠᠨ ᠲᠤᠭᠤᠰᠢᠯᠠᠭᠤᠯᠬᠤ ᠶᠢ ᠠᠵᠢᠯᠯᠠᠭ᠎ᠠ ᠲᠠᠢ ᠪᠣᠯᠭᠠᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ ᠭᠡᠵᠡᠢ᠃     ᠬᠤᠷᠠᠯ ᠤᠨ ᠲᠠᠷᠠᠭ᠎ᠠ᠂ ᠹᠦ᠋ ᠵᠧᠨ ᠴᠢᠶᠠᠩ ᠬᠤᠷᠠᠯ ᠳᠤ ᠣᠷᠣᠯᠴᠠᠭᠰᠠᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ︿ᠰᠢᠢᠳᠪᠦᠷᠢ﹀ ᠶᠢᠨ ᠰᠤᠷᠤᠯᠴᠠᠯᠭ᠎ᠠ ᠶᠢ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾ ᠵᠡᠷᠭᠡ ᠬᠠᠮᠢᠶ᠎ᠠ ᠪᠦᠬᠦᠢ ᠨᠣᠮ ᠪᠢᠴᠢᠭ ᠢ ᠬᠠᠨᠳᠢᠪᠯᠠᠪᠠ᠃      ᠯᠠᠮᠠ ᠶᠢᠨ ᠳᠤᠬᠤᠢ ᠪᠠᠯᠭᠠᠰᠤᠨ ᠤ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠡᠰᠡᠭ ᠳᠠᠭᠠᠭᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ︽ᠬᠤᠶᠠᠷ ᠵᠥᠪᠯᠡᠯ︾ ᠤᠨ ᠪᠦᠬᠦ ᠺᠠᠳ᠋ᠷ᠂ ᠬᠡᠰᠡᠭ ᠠᠬᠠᠮᠠᠳ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      12 ᠳ᠋ᠤᠭᠠᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠩ ᠾᠦᠸᠧ ᠶᠤᠸᠠᠨ ᠤᠯᠢᠶᠠᠰᠤᠶᠠᠥᠢ ᠰᠢᠶᠠᠩ ᠤᠨ ᠴᠢᠩ ᠳ᠋ᠧᠦ ᠭᠸᠤ ᠲᠣᠰᠬᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠵᠢᠩ ᠾᠦᠤᠤ ᠶᠤᠸᠠᠨ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠣᠯ ᠴᠢᠬᠤᠯᠠ ᠠᠭᠤᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯᠯᠠᠬᠤ ᠪᠠᠶᠢᠷᠢ ᠰᠠᠭᠤᠷᠢ ᠶᠢ ᠤᠬᠠᠮᠰᠠᠷ ᠠᠴᠠ ᠪᠠᠨ ᠬᠦᠷᠢᠶᠡᠯᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠡᠮᠦᠨ᠎ᠡ᠂ ᠵᠢᠩ ᠾᠦᠸᠧ ᠶᠤᠸᠠᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠵᠧᠦ ᠪᠢᠨ ᠲᠠᠢ ᠬᠠᠮᠲᠤ ᠤᠯᠢᠶᠠᠰᠤᠲᠠᠢ ᠰᠢᠶᠠᠩ ᠤᠨ ᠴᠠᠭᠠᠨ ᠭᠤᠤ ᠲᠣᠰᠬᠤᠨ᠂ ᠺᠠᠩ ᠱᠧᠩ ᠵᠤᠸᠠᠩ ᠲᠣᠰᠬᠤᠨ᠂ ᠬᠤᠩ ᠾᠧ ᠪᠠᠯᠭᠠᠰᠤ ᠶᠢᠨ ᠴᠢᠯᠥᠭᠡᠯᠡᠯᠲᠡ ᠲᠣᠰᠬᠤᠨ ᠳᠤ ᠭᠦᠨᠵᠡᠭᠡᠶᠢᠷᠡᠨ ᠹᠠᠨ ᠠᠢ ᠰᠢᠶᠤᠤ᠂ ᠳ᠋ᠦ᠋ ᠲᠢᠶᠧ ᠨᠢᠤᠢ᠂ ᠵᠠᠩ ᠬᠤᠸᠠᠩ ᠮᠤᠤ᠂ ᠯᠢᠦ ᠪᠢᠩ ᠰᠢᠶᠤᠤ᠂ ᠭᠤᠤ ᠶᠢᠤ ᠲᠠᠩ᠂ ᠶᠠᠩ ᠰᠠᠨ ᠮᠤᠤ ᠶᠠᠨ ᠵᠡᠷᠭᠡ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠣᠬᠤᠨᠢᠭᠤᠯᠵᠠᠢ᠃ ᠵᠢᠩ ᠾᠦᠸᠧ ᠶᠤᠸᠠᠨ ᠱᠠᠭᠠᠷᠳᠠᠭᠰᠠᠨ ᠨᠢ᠄ ᠬᠥᠳᠡᠭᠡ ᠲᠣᠰᠬᠤᠨ ᠬᠤᠶᠠᠷ ᠱᠠᠲᠤᠨ ᠤ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠬᠦᠴᠢᠷᠳᠡᠯᠲᠡᠢ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠤᠯᠢᠶᠠᠰᠤᠲᠠᠢ ᠰᠢᠶᠠᠩ ᠤᠨ ᠴᠢᠩ ᠳ᠋ᠧᠦ ᠭᠸᠤ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠪᠦᠷᠢᠯᠳᠦᠬᠦᠨ ᠨᠡᠷ ᠤᠬᠠᠭᠤᠯᠤᠨ ᠲᠠᠶᠢᠯᠪᠤᠷᠢᠯᠠᠬᠤ ᠬᠤᠷᠠᠯ ᠢ ᠰᠣᠨᠣᠰᠴᠠᠢ᠃      12 ᠳ᠋ᠤᠭᠠᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠬᠥᠮᠦᠨ ᠵᠢᠶᠤᠤ ᠴᠢᠶᠠᠨ ᠶᠣᠣ ᠭᠸᠤ ᠰᠢᠶᠠᠩ ᠤᠨ ᠳ᠋ᠠ ᠵᠢᠩ ᠭᠸᠤ ᠲᠣᠰᠬᠤᠨ ᠳᠤ ᠭᠦᠨᠵᠡᠭᠡᠶᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ      ᠤᠬᠠᠭᠤᠯᠤᠨ ᠲᠠᠶᠢᠯᠪᠤᠷᠢᠯᠠᠬᠤ ᠳᠤᠮᠳᠠ᠂ ᠵᠢᠶᠤᠤ ᠴᠢᠶᠠᠨ ᠶᠣᠣ ᠭᠸᠤ ᠰᠢᠶᠠᠩ ᠤᠨ ᠭᠤᠣᠯ ᠤᠳᠤᠷᠢᠳᠤᠯᠭ᠎ᠠ᠂ ᠳ᠋ᠠ ᠵᠢᠩ ᠭᠸᠤ ᠲᠣᠰᠬᠤᠨ ᠤ ᠬᠤᠶᠠᠷ ᠵᠥᠪᠯᠡᠯ ᠤᠨ ᠪᠠᠭ᠂ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠲᠠᠢ ᠬᠠᠮᠲᠤ ᠨᠢᠭᠡ ᠲᠠᠩᠬᠢᠮ ᠳᠤ ᠰᠠᠭᠤᠵᠤ᠂ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ ᠤᠯᠠᠨ ᠢᠶᠠᠷ ᠢᠶᠠᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠠᠨᠠᠯ ᠢᠶᠠᠨ ᠰᠣᠯᠢᠯᠴᠠᠨ ᠶᠠᠷᠢᠯᠴᠠᠵᠤ᠂ ᠪᠠᠶᠢᠨ ᠪᠠᠶᠢᠨ ᠠᠯᠠᠭ᠎ᠠ ᠲᠠᠰᠢᠪᠠ᠃      ᠵᠢᠶᠤᠤ ᠴᠢᠶᠠᠨ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠂ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠢᠢᠳᠪᠦᠷᠢ︾ ᠪᠣᠯ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠶᠢ ᠰᠡᠩᠬᠡᠷᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠶᠢᠨ ᠬᠥᠰᠢᠶ᠎ᠡ ᠲᠡᠮᠳᠡᠭ ᠪᠣᠯᠤᠨ᠎ᠠ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠮᠠᠨ ᠤ ᠨᠠᠮ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠲᠤᠩᠬᠠᠭᠯᠠᠭᠰᠠᠨ ᠪᠢᠴᠢᠭ᠂ ᠲᠠᠶᠢᠴᠢᠯᠠᠯᠳᠠ ᠶᠢᠨ ᠵᠠᠷᠯᠢᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠠᠷᠭᠤᠭᠤᠯᠵᠤ᠂ ᠲᠤᠭ ᠲᠡᠮᠳᠡᠭ ᠲᠣᠳᠣᠷᠬᠠᠢ ᠪᠠᠷ ᠥᠪᠥᠷ ᠮᠣᠩᠭᠤᠯ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠲᠠᠪᠤᠨ ᠲᠠᠯ᠎ᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠳᠤᠷᠠᠳᠴᠠᠢ᠂ ᠡᠨᠡ ᠪᠣᠯ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠶᠢᠨ ᠥᠪᠥᠷ ᠮᠣᠩᠭᠤᠯ ᠳᠠᠬᠢ ᠪᠣᠳᠠᠲᠠᠶᠢᠵᠢᠭᠤᠯᠤᠯᠲᠠ ᠪᠣᠯᠤᠨ᠎ᠠ ᠭᠡᠵᠡᠢ᠃      ᠵᠢᠶᠤᠤ ᠴᠢᠶᠠᠨ ᠱᠠᠭᠠᠷᠳᠠᠭᠰᠠᠨ ᠨᠢ᠂ ᠶᠣᠣ ᠭᠸᠤ ᠰᠢᠶᠠᠩ ᠵᠢᠴᠢ ᠳ᠋ᠠ ᠵᠢᠩ ᠭᠸᠤ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠲᠦᠷᠭᠡᠨ ᠭᠠᠷᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠮᠥᠨ ᠴᠢᠨᠠᠷ ᠪᠠ ᠠᠭᠤᠯᠤᠭᠳᠠᠬᠤᠨ ᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃ ᠬᠤᠷᠠᠯ ᠤᠨ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠭᠡᠨ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠤᠷᠤᠬᠰᠢ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠵᠦᠢᠯ ᠤᠨ ᠠᠵᠢᠯ ᠤᠨ ᠢᠶᠠᠨ ᠠᠵᠢᠯᠯᠠᠭᠠᠨ ᠤ ᠵᠦᠭᠯᠡᠭᠦᠷ ᠪᠠ ᠦᠨᠳᠦᠰᠦᠨ ᠵᠢᠷᠤᠮᠯᠠᠯ ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠤᠪᠢᠷᠠᠭᠤᠯᠵᠤ᠂ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢ ᠨᠡᠩ ᠡᠷᠴᠢᠮᠲᠡᠢ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠶᠢᠨ ᠲᠥᠯᠥᠭᠡ ᠲᠡᠮᠡᠴᠡᠵᠦ᠂ ᠨᠡᠩ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1