| | | | | | | | | | ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ ᠲᠣᠭᠲᠠᠭᠠᠭᠰᠠᠨ ᠵᠥᠪᠯᠡᠬᠦ ᠵᠦᠢᠯ ᠤᠳ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠦᠭᠡᠳ 2 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ ᠹᠸᠢ ᠰᠢᠶᠠᠩ | ᠪᠠᠭᠤᠳᠠᠯ ᠤᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠢᠯᠠᠯᠲᠠ ᠲᠠᠢ ᠪᠠᠷ ᠲᠡᠭᠦᠰᠪᠡ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 144 ᠬᠥᠮᠦᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 132 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠦᠨ ᠯᠢᠨ ᠴᠢᠶᠦ᠋ᠩ᠂ ᠶᠦᠨ ᠶᠤᠸᠠᠢ ᠺᠦᠢ᠂ ᠵᠠᠩ ᠺᠧ | ᠯᠢᠩ᠂ ᠱᠢ ᠶᠦᠩ ᠫᠢᠩ᠂ ᠳ᠋ᠦ᠋ ᠬᠦᠢ ᠵᠦᠩ᠂ ᠸᠠᠩ ᡁᠢ ᠴᠢᠶᠠᠩ᠂ ᠵᠠᠩ ᡁᠢ ᠰᠢᠩ᠂ ᠵᠤᠤ ᠹᠦ᠋ ᠳ᠋ᠡ᠂ ᠯᠢᠦ ᠶᠣᠣ | ᠾᠧᠩ᠂ ᠸᠠᠩ ᠱᠠᠨ ᠴᠢᠤᠸᠠᠨ᠂ ᠵᠤᠤ ᠶᠢᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ | ᠤ ᠡᠮᠦᠨ᠎ᠡ ᠮᠥᠷ ᠲᠤ ᠰᠠᠭᠠᠲᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠬᠤᠷᠠᠯ ᠢ ᠶᠡᠭᠡ ᠬᠤᠷᠠᠯ ᠢ ᠭᠦᠢᠴᠡᠳᠬᠡᠭᠴᠢ ᠲᠡᠷᠢᠭᠦᠯᠡᠭᠴᠢ ᠱᠢ ᠶᠦᠩ ᠫᠢᠩ ᠡᠷᠬᠢᠯᠡᠪᠡ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠭᠠᠷ ᠡᠷᠭᠦᠨ ᠪᠠᠲᠤᠯᠠᠬᠤ ᠬᠡᠯᠪᠡᠷᠢ | ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠶ | ᠰᠢᠶᠳᠪᠦᠷᠢ︔ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠶᠳᠪᠦᠷᠢ︔ | 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠶᠳᠪᠦᠷᠢ︔ 2020 ᠣᠨ ᠤ ᠡᠳ᠋ ᠤᠨ ᠵᠠᠰᠠᠭ ᠤᠨ ᠲᠥᠰᠦᠪ ᠢ | ᠭᠦᠶᠴᠡᠳᠬᠡᠭᠰᠡᠨ ᠪᠠᠶᠢᠳᠠᠯ ᠵᠢᠴᠢ 2021 ᠣᠨ ᠤ ᠡᠳ᠋ ᠤᠨ ᠵᠠᠰᠠᠭ ᠤᠨ ᠲᠥᠰᠦᠪ ᠤᠨ ᠰᠢᠶᠳᠪᠦᠷᠢ︔ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ | ᠲᠤᠬᠠᠶ ᠰᠢᠶᠳᠪᠦᠷᠢ︔ ᠡᠭᠦᠨ ᠤ ᠬᠠᠮᠲᠤ᠂ ᠬᠤᠷᠠᠯ ᠠᠴᠠ ᠪᠠᠰᠠ ᠶᠡᠭᠡ ᠬᠤᠷᠠᠯ ᠤᠨ ᠠᠯᠪᠠᠨ ᠵᠠᠷᠯᠠᠯ ᠢ ᠤᠩᠰᠢᠨ | ᠨᠡᠶᠢᠲᠡᠯᠡᠪᠡ᠃ | ᠰᠢᠨ᠎ᠡ ᠪᠠᠷ ᠰᠣᠩᠭᠤᠭᠳᠠᠭᠰᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠠᠩ | ᠺᠧ ᠯᠢᠩ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠦᠭᠡ ᠬᠡᠯᠡᠵᠡᠢ᠃ ᠲᠡᠷᠡᠵᠢᠭᠠᠵᠤ ᠭᠠᠷᠭᠠᠭᠰᠠᠨ ᠨᠢ᠂ ᠲᠤᠰ | ᠤᠳᠠᠭ᠎ᠠ ᠶᠢᠨ ᠬᠤᠷᠠᠯ ᠠᠴᠠ ᠮᠠᠨ ᠤ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠬᠥᠭᠵᠢᠯᠲᠡ ᠶᠢᠨ ᠬᠠᠷᠠᠯᠲᠠ᠂ 2035 ᠣᠨ ᠤ ᠠᠯᠤᠰ ᠤᠨ ᠬᠠᠷᠠᠯᠲᠠ ᠪᠣᠯᠤᠨ 2021 ᠣᠨ ᠤ | ᠭᠤᠣᠯ ᠠᠵᠢᠯ ᠤᠨ ᠡᠭᠦᠷᠭᠡ ᠶᠢ ᠲᠣᠳᠣᠷᠬᠠᠶᠢᠯᠠᠪᠠ᠂ ᠬᠤᠶᠢᠰᠢᠳᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ | ᠪᠠᠭ ᠭᠤᠷᠪᠠᠨ ᠲᠠᠯ᠎ᠠ ᠶᠢ ᠪᠡᠶᠡᠯᠡᠭᠦᠯᠬᠦ ᠶᠢ ᠪᠠᠷᠢᠮᠲᠠᠯᠠᠨ᠎ᠠ᠃ ᠨᠢᠭᠡ ᠳᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ | ᠰᠢᠳᠤᠷᠭᠤ ᠪᠠᠶᠢᠵᠤ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠬᠡᠷᠡᠭᠲᠡᠢ᠃ ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ 《 ᠳᠥᠷᠪᠡᠨ ᠤᠬᠠᠮᠰᠠᠷ 》 ᠢᠶᠠᠨ ᠴᠢᠩᠭᠠᠳᠬᠠᠵᠤ᠂ 《 ᠳᠥᠷᠪᠡᠨ | ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠢᠲᠡᠭᠡᠯ ᠪᠢᠰᠢᠷᠡᠯ ᠪᠠᠲᠤ | ᠴᠢᠩᠭ᠎ᠠ᠂ ᠤᠯᠤᠰ ᠲᠥᠷᠦ ᠶᠢᠨ ᠲᠠᠯ᠎ᠠ ᠪᠠᠷ ᠪᠠᠲᠤ ᠴᠢᠩᠭ᠎ᠠ᠂ ᠬᠠᠷᠢᠭᠤᠴᠠᠯᠭ᠎ᠠ ᠪᠠᠲᠤ ᠴᠢᠩᠭ᠎ᠠ᠂ ᠴᠢᠳᠠᠪᠤᠷᠢ ᠪᠠᠲᠤ | ᠴᠢᠩᠭ᠎ᠠ᠂ ᠰᠤᠷᠲᠠᠯ ᠪᠠᠲᠤ ᠴᠢᠩᠭ᠎ᠠ ᠪᠠᠶᠢᠬᠤ ᠶᠢ ᠪᠡᠶᠡᠯᠡᠭᠦᠯᠵᠦ᠂ ᠪᠠᠲᠤ ᠴᠢᠩᠭ᠎ᠠ ᠤᠯᠤᠰ ᠲᠥᠷᠦ ᠶᠢᠨ ᠪᠠᠲᠤᠯᠠᠭ᠎ᠠ | ᠪᠠᠷ ᠮᠠᠨ ᠤ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠨᠠᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠶᠠᠷ ᠲᠤ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠠᠷ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ 《 ᠬᠤᠶᠠᠷ ᠠᠭᠤᠯᠠ 》 | ᠶᠢᠨ ᠣᠨᠣᠯ ᠤᠨ 《 ᠬᠠᠮᠠᠭᠠᠯᠠᠭᠴᠢ 》 ᠪᠣᠯᠬᠤ ᠬᠡᠷᠡᠭᠲᠡᠶ︔ ᠢᠮᠠᠭᠲᠠ ᠬᠥᠭᠵᠢᠯᠲᠡ ᠪᠣᠯ ᠲᠡᠷᠢᠭᠦᠨ ᠴᠢᠬᠤᠯᠠ | ᠡᠭᠦᠷᠭᠡ ᠪᠣᠯᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ 《 ᠬᠠᠷᠢᠭᠤᠯᠲᠠ ᠥᠭᠭᠦᠭᠴᠢ 》 ᠪᠣᠯᠬᠤ ᠬᠡᠷᠡᠭᠲᠡᠢ︔ | ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ 《 ᠦᠢᠯᠡᠴᠢᠯᠡᠭᠴᠢ 》 ᠪᠣᠯᠬᠤ | ᠬᠡᠷᠡᠭᠲᠡᠢ᠃ ᠭᠤᠷᠪᠠ ᠳᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠬᠠᠤᠯᠢᠵᠢᠯ ᠤᠨ | ᠦᠵᠡᠯ ᠰᠠᠨᠠᠭ᠎ᠠ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ | ᠶᠣᠰᠣ ᠲᠦᠷᠢᠮ ᠪᠣᠯᠤᠨ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠵᠢᠷᠤᠮᠯᠠᠵᠤ᠂ ᠶᠣᠰᠣ ᠲᠦᠷᠢᠮ ᠢᠶᠠᠷ ᠡᠷᠬᠡ ᠪᠠᠨ ᠬᠡᠷᠡᠭᠯᠡᠵᠦ᠂ ᠠᠷᠢᠭᠤᠨ ᠴᠢᠬᠡᠴᠢ ᠪᠠᠷ ᠠᠵᠢᠯ ᠬᠢᠵᠦ᠂ ᠠᠷᠢᠭᠤᠨ | ᠴᠢᠬᠡᠴᠢ ᠪᠠᠷ ᠬᠥᠮᠦᠨ ᠪᠣᠯᠬᠤ ᠬᠡᠷᠡᠭᠲᠡᠢ᠃ 《 ᠳᠠᠷᠤᠶᠢᠬᠠᠨ ᠭᠦᠢᠴᠡᠳᠬᠡᠬᠦ᠂ ᠬᠢᠪᠡᠯ ᠰᠠᠶᠢᠲᠤᠷ ᠬᠢᠬᠦ 》 ᠶᠢ | ᠤᠬᠠᠮᠰᠠᠷ ᠠᠴᠠ ᠪᠠᠨ ᠪᠡᠶᠡᠯᠡᠭᠦᠯᠵᠦ᠂ 《 ᠨᠢᠭᠡᠳᠦᠭᠡᠷ ᠹᠷᠣᠨᠲ ᠤᠨ ᠠᠵᠢᠯᠯᠠᠬᠤ ᠠᠷᠭ᠎ᠠ 》᠂ 《 | ᠪᠢᠲᠡᠭᠦᠮᠵᠢᠯᠡᠭᠰᠡᠨ ᠠᠵᠢᠯᠯᠠᠬᠤ ᠠᠷᠭ᠎ᠠ 》᠂ 《 ᠳᠥᠷᠪᠡᠨ ᠦᠭᠡᠢ ᠬᠤᠶᠠᠷ ᠰᠢᠭᠤᠳ ᠪᠠᠶᠢᠴᠠᠭᠠᠨ ᠰᠤᠳᠤᠯᠬᠤ | ᠠᠷᠭ᠎ᠠ 》 ᠶᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠵᠢᠯ | ᠢᠶᠠᠨ ᠨᠠᠩ ᠰᠠᠶᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠥᠨᠳᠥᠷᠯᠡᠪᠡ᠃ |