| | | | | | | | | | | | 2 ᠳ᠋ᠤᠭᠠᠷ ᠰᠠᠷ᠎ᠠ ᠶᠢᠨ 18 ᠤ ᠡᠳᠦᠷ ᠪᠣᠯ ᠴᠠᠭᠠᠨ ᠰᠠᠷ᠎ᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ | ᠪᠣᠯᠤᠨ᠎ᠠ᠂ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ | ᠴᠢᠶᠦ᠋ᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠵᠠᠩ ᠺᠧ ᠯᠢᠩ ᠨᠢᠭᠡᠳᠦᠭᠡᠷ | ᠹᠷᠣᠨᠲ ᠲᠤ ᠭᠦᠨᠵᠡᠭᠡᠶᠢᠷᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ | ᠠᠬᠤᠶᠢᠯᠠᠯ ᠤᠨ ᠬᠥᠭᠵᠢᠯᠲᠡ ᠳᠤ ᠦᠶᠯᠡᠴᠢᠯᠡᠬᠦ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ | ᠦᠵᠡᠭᠦᠯᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯ ᠤᠨ ᠲᠣᠭᠤᠷᠢᠨ ᠳᠤ | ᠪᠠᠶᠢᠴᠠᠭᠠᠨ ᠰᠤᠳᠤᠯᠤᠯᠲᠠ ᠬᠢᠵᠦ᠂ ᠪᠥᠬᠦ ᠰᠢᠶᠠᠨ ᠤ ᠺᠠᠳ᠋ᠷ ᠣᠯᠠᠨ ᠲᠦᠮᠡᠨ ᠤ ᠡᠷᠴᠢ ᠵᠣᠷᠢᠭ ᠢ ᠬᠥᠪᠴᠢᠯᠡᠨ᠂ | ᠬᠦᠴᠢᠷ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠨᠢᠭᠡ ᠵᠢᠯ ᠤᠨ ᠬᠦᠴᠦᠯᠡᠨ ᠴᠢᠷᠮᠠᠶᠢᠵᠤ ᠪᠣᠳᠠᠲᠠᠶ ᠠᠵᠢᠯᠯᠬᠤ | ᠲᠥᠪᠯᠡᠷᠡᠯ ᠤᠨ ᠪᠦᠷᠢᠶ᠎ᠡ ᠶᠢ ᠬᠠᠩᠭᠢᠨᠠᠭᠤᠯᠪᠠ᠃ ᠰᠢᠶᠠᠨ ᠤ ᠤᠳᠤᠷᠢᠳᠤᠯᠭ᠎ᠠ ᠵᠠᠩ ᠮᠢᠨ ᠴᠦᠨ᠂ ᠯᠢᠦ ᠽᠠᠢ ᠵᠢᠶᠦ᠋ᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ᠂ | ᠶᠦᠨ ᠯᠢᠨ ᠴᠢᠶᠦ᠋ᠩ ᠨᠠᠷ ᠠᠵᠤ ᠠᠬᠤᠶᠢᠯᠠᠯ ᠡᠷᠭᠢᠯᠡᠨ ᠪᠠᠶᠢᠭᠤᠯᠬᠤ᠂ ᠠᠵᠤ ᠦᠶᠯᠡᠳᠪᠦᠷᠢ ᠶᠢᠨ ᠥᠭᠡᠷᠡᠴᠢᠯᠡᠯᠲᠡ | ᠶᠢᠨ ᠲᠤᠰᠬᠠᠶ ᠲᠣᠭᠤᠷᠢᠭ᠂ ᠠᠷᠠᠳ ᠤᠨ ᠠᠮᠢᠳᠤᠷᠠᠯ ᠤᠨ ᠬᠠᠯᠠᠮᠰᠢᠯ᠂ ᠶᠡᠷᠦᠩᠬᠡᠶᠢᠯᠡᠭᠰᠡᠨ ᠴᠣᠩᠬᠤᠪᠴᠢ ᠶᠢᠨ | ᠭᠥᠯᠢᠶᠡᠨ ᠠᠪᠴᠤ ᠰᠢᠶᠳᠪᠦᠷᠢᠯᠡᠬᠦ ᠲᠤᠰᠬᠠᠶ ᠲᠣᠭᠤᠷᠢᠭ ᠤᠨ ᠲᠣᠬᠢᠷᠠᠭᠤᠯᠤᠯᠲᠠ᠂ ᠦᠶᠯᠡᠴᠢᠯᠡᠭᠡᠨ ᠤ ᠴᠤᠩᠬᠤᠪᠴᠢ | ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠯ ᠵᠡᠷᠭᠡ ᠵᠢᠭᠰᠠᠭᠠᠯ ᠤᠨ ᠭᠠᠵᠠᠷ ᠤᠨ ᠪᠠᠷᠢᠮᠵᠢᠶᠠᠵᠢᠭᠤᠯᠤᠭᠰᠠᠨ᠂ | ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ᠂ | ᠣᠷᠣᠵᠤ ᠰᠠᠭᠤᠭᠰᠠᠨ ᠵᠦᠶᠯᠡᠰ ᠤᠨ ᠬᠠᠷᠢᠴᠠᠯ ᠢ ᠳᠡᠭᠡᠭᠰᠢᠯᠡᠭᠦᠯᠬᠦ ᠵᠢᠴᠢ ᠠᠷᠠᠳ ᠲᠦᠮᠡᠨ ᠳᠤ ᠦᠶᠯᠡᠴᠢᠯᠡᠬᠦ ᠵᠡᠷᠭᠡ | ᠪᠠᠶᠢᠳᠠᠯ ᠢ ᠰᠣᠨᠣᠰᠪᠠ᠃ | ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ | ᠵᠠᠰᠠᠭ ᠤᠨ ᠣᠷᠳᠣᠨ ᠤ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠴᠢᠬᠤᠯᠠ | ᠴᠤᠩᠬᠤᠪᠴᠢ ᠪᠠ ᠦᠢᠯᠡᠴᠢᠯᠡᠭᠡᠨ ᠤ ᠲᠠᠪᠴᠠᠩ ᠪᠣᠯᠤᠨ᠎ᠠ᠂ ᠲᠤᠬᠠᠶᠢᠯᠠᠭᠰᠠᠨ ᠠᠵᠢᠯ ᠢᠶᠠᠨ ᠲᠦᠷᠭᠡᠨ ᠨᠡᠶᠢᠳᠬᠡᠵᠦ᠂ | ᠳᠣᠲᠣᠭᠠᠳᠤ ᠶᠠᠪᠤᠴᠠ ᠪᠠᠨ ᠰᠢᠯᠢᠳᠡᠭᠵᠢᠭᠦᠯᠬᠦ ᠬᠡᠷᠡᠭᠲᠡᠢ᠃ ᠴᠣᠩᠬᠤᠪᠴᠢ ᠶᠢᠨ ᠰᠢᠯᠢᠳᠡᠭ ᠢ ᠨᠢ ᠰᠣᠩᠭᠤᠨ | ᠬᠦᠴᠦᠷᠬᠡᠭ ᠢ ᠨᠢ ᠳᠣᠭᠢᠷᠠᠭᠤᠯᠵᠤ᠂ ᠬᠠᠷᠢᠭᠤᠴᠠᠯᠭ᠎ᠠ ᠲᠠᠢ᠂ ᠬᠠᠤᠯᠢ ᠴᠠᠭᠠᠵᠠ ᠰᠠᠬᠢᠯᠭ᠎ᠠ ᠪᠠᠲᠤ ᠲᠠᠢ᠂ ᠬᠠᠶᠢᠷ᠎ᠠ | ᠰᠡᠳᠬᠢᠯᠭᠡ ᠲᠠᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠦᠯᠬᠦᠮ ᠨᠡᠶᠢᠲᠡ ᠶᠢ ᠪᠣᠶ ᠪᠣᠯᠭᠠᠵᠤ᠂ ᠬᠠᠤᠯᠢ | ᠶᠣᠰᠣᠭᠠᠷ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮᠵᠢ | ᠶᠢ ᠪᠠᠶᠢᠭᠤᠯᠬᠤ ᠬᠡᠷᠡᠭᠲᠡᠶ ᠭᠡᠵᠡᠢ᠃ | ᠶᠦᠨ ᠯᠢᠨ ᠴᠢᠶᠦ᠋ᠩ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ | ᠥᠭᠦᠯᠡᠯᠲᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠶᠡᠭᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠬᠤ ᠶᠢ ᠠᠬᠢᠭᠤᠯᠬᠤ᠂ 《 ᠲᠠᠯᠪᠢᠬᠤ᠂ ᠬᠠᠮᠢᠶᠠᠷᠬᠤ᠂ ᠦᠢᠯᠡᠴᠢᠯᠡᠬᠦ 》 ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ 《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢ ᠳᠡᠭᠡᠭᠰᠢᠯᠡᠭᠦᠯᠬᠦ | ᠪᠠᠷ ᠭᠤᠣᠯᠳᠠᠭᠤᠯᠵᠤ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠰᠢᠨᠡᠴᠢᠯᠡᠵᠦ᠂ ᠠᠵᠢᠯ ᠶᠠᠪᠤᠳᠠᠯ ᠭᠦᠢᠴᠡᠳᠬᠡᠬᠦ | ᠶᠠᠪᠤᠴᠠ ᠶᠢ ᠵᠢᠷᠤᠮᠵᠢᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩᠨᠡᠭᠡᠨ | ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠰᠠᠶᠢᠨ ᠰᠠᠶᠢᠬᠠᠨ | ᠳᠦᠷᠢ ᠳᠦᠷᠦᠬᠦ ᠶᠢ ᠪᠤᠢ ᠪᠣᠯᠭᠠᠬᠤ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠣᠳᠣᠬᠠᠨ ᠳᠤ ᠰᠢᠶᠠᠨ ᠤ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠰᠠᠨ ᠰᠠᠯᠠᠭ᠎ᠠ ᠮᠥᠴᠢᠷ 15 ᠪᠠᠶᠢᠵᠤ᠂ | ᠭᠤᠶᠤᠴᠢᠯᠠᠬᠤ ᠪᠠᠷ ᠳᠠᠮᠵᠢᠬᠤ ᠵᠢᠷᠭᠤᠭᠠᠨ ᠲᠥᠷᠥᠯ ᠤᠨ ᠤᠴᠢᠷ ᠶᠠᠪᠤᠳᠠᠯ 325 ᠪᠠᠶᠢᠵᠤ᠂ ᠨᠢᠭᠡᠨᠲᠡ ᠲᠢᠩᠬᠢᠮ ᠳᠤ | ᠣᠷᠣᠵᠤ ᠰᠠᠭᠤᠭᠰᠠᠨ ᠭᠤᠶᠤᠴᠢᠯᠠᠬᠤ ᠪᠠᠷ ᠳᠠᠮᠵᠢᠬᠤ ᠵᠢᠷᠭᠤᠭᠠᠨ ᠲᠥᠷᠥᠯ ᠤᠨ ᠤᠴᠢᠷ ᠶᠠᠪᠤᠳᠠᠯ 127 ᠪᠤᠢ᠃ | ᠥᠭᠡᠷᠡᠴᠢᠯᠡᠯᠲᠡ ᠳᠤ ᠬᠤᠯᠪᠣᠭᠳᠠᠭᠰᠠᠨ 12 ᠰᠠᠯᠠᠭ᠎ᠠ ᠮᠥᠴᠢᠷ ᠠᠴᠠ 110 ᠵᠦᠶᠯ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠶᠯᠡᠰ ᠢ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠣᠪᠴᠢᠶ᠎ᠠ ᠳᠤ ᠬᠤᠪᠢᠶᠠᠷᠢᠯᠠᠨ ᠰᠢᠯᠵᠢᠭᠦᠯᠬᠦ ᠪᠠᠷ ᠵᠢᠱᠢᠵᠦ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠰᠠᠨ ᠤ ᠳᠠᠷᠠᠭ᠎ᠠ ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ ᠶᠢ | ᠬᠡᠷᠡᠭᠵᠢᠭᠦᠯᠬᠦ ᠪᠣᠯᠣᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠤᠮᠵᠢ ᠶᠢ ᠪᠠᠶᠢᠷᠢᠯᠠᠭᠤᠯᠬᠤ᠂ | ᠵᠦᠶᠯᠡᠰ ᠢ ᠬᠤᠪᠢᠶᠠᠷᠢᠯᠠᠨ ᠰᠢᠯᠵᠢᠭᠦᠯᠬᠦ᠂ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ᠂ ᠠᠵᠢᠯᠲᠠᠨ ᠢ ᠤᠷᠢᠨ | ᠬᠡᠷᠡᠭᠯᠡᠬᠦ ᠵᠡᠷᠭᠡ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠤ ᠬᠠᠮᠲᠤ᠂ ᠰᠢᠶᠠᠨ ᠤ ᠵᠠᠰᠠᠭ ᠵᠠᠬᠢᠷᠭᠠᠨ | ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠤᠯᠤᠰ ᠤᠨ 《 ᠳᠥᠷᠪᠡᠨ | ᠱᠠᠲᠤ ᠳᠥᠷᠪᠡᠨ ᠠᠳᠠᠯᠢ 》 ᠶᠢᠨ ᠱᠠᠭᠠᠷᠳᠠᠯᠭ᠎ᠠ ᠶᠣᠰᠣᠭᠠᠷ᠂ ᠶᠠᠭ ᠶᠡᠭᠡ ᠲᠢᠩᠬᠢᠮ ᠤᠨ ᠤᠴᠢᠷ ᠶᠠᠪᠤᠳᠠᠯ ᠤᠨ | ᠨᠠᠷᠢᠨ ᠲᠠᠩᠰᠠ᠂ ᠳᠥᠷᠪᠡ ᠶᠢ ᠭᠦᠶᠴᠡᠳᠬᠡᠬᠦ ᠨᠠᠷᠢᠨ ᠲᠠᠩᠰᠠ᠂ ᠨᠢᠭᠡ ᠤᠴᠢᠷ ᠢ ᠨᠢᠭᠡ ᠯᠡ ᠤᠳᠠᠭ᠎ᠠ ᠳᠤ | ᠰᠢᠶᠳᠪᠦᠷᠢᠯᠡᠬᠦ ᠲᠣᠳᠣᠷᠬᠠᠶ ᠬᠠᠭᠤᠳᠠᠰᠤ᠂ ᠬᠠᠪᠰᠤᠷᠤᠨ ᠭᠦᠢᠴᠡᠳᠬᠡᠬᠦ ᠵᠦᠢᠯ ᠤᠨ ᠲᠣᠳᠣᠷᠬᠠᠶ ᠬᠠᠭᠤᠳᠠᠰᠤ ᠶᠢ | ᠳᠠᠬᠢᠨ ᠡᠮᠬᠢᠯᠡᠨ ᠨᠡᠶᠢᠲᠡᠯᠡᠵᠦ ᠪᠣᠶ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠶᠠᠪᠤᠳᠠᠯ ᠭᠦᠶᠴᠡᠳᠬᠡᠬᠦ | ᠵᠦᠭᠯᠡᠭᠦᠷ᠂ ᠭᠦᠶᠴᠡᠳᠬᠡᠬᠦ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠵᠡᠷᠭᠡᠳᠡ ᠮᠠᠨ ᠤ ᠰᠢᠶᠠᠨ ᠤ | 《 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ 》 ᠤᠨ ᠱᠠᠭᠠᠷᠳᠠᠯᠭ᠎ᠠ ᠶᠣᠰᠣᠭᠠᠷ᠂ ᠴᠣᠩᠬᠤᠪᠴᠢ ᠶᠢᠨ | ᠦᠶᠯᠡᠴᠢᠯᠡᠭᠡᠨ ᠤ ᠵᠦᠶᠯᠡᠰ᠂ ᠬᠡᠷᠡᠭ ᠤᠴᠢᠷ ᠤᠨ ᠣᠷᠣᠵᠤ ᠰᠠᠭᠤᠬᠤ᠂ ᠲᠢᠩᠬᠢᠮ ᠤᠨ ᠠᠵᠢᠯ ᠤᠨ ᠲᠦᠷᠢᠮ᠂ | ᠴᠣᠩᠬᠤᠪᠴᠢ ᠶᠢᠨ ᠠᠵᠢᠯ ᠤᠨ ᠳᠦᠷᠢᠮᠵᠢᠯ᠂ ᠬᠤᠪᠢᠶᠠᠷᠢ ᠲᠢᠩᠬᠢᠮ ᠤᠨ ᠬᠠᠮᠢᠶᠠᠷᠤᠯᠲᠠ᠂ ᠠᠵᠢᠯᠲᠠᠨ ᠤ | ᠬᠠᠮᠢᠶᠠᠷᠤᠯᠲᠠ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | |