| | | | 2 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠤ ᠨᠠᠮ ᠤᠨ | ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ | ᠬᠤᠷᠠᠯᠳᠤᠭᠤᠯᠵᠤ᠂ ᠪᠥᠬᠦ ᠬᠤᠲᠠ ᠶᠢᠨ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ 《 ᠬᠤᠶᠠᠷ ᠬᠤᠷᠠᠯ 》 ᠤᠨ ᠵᠣᠷᠢᠭ ᠰᠠᠨᠠᠭ᠎ᠠ ᠪᠠ ᠸᠠᠩ ᠯᠢ ᠰᠢᠶᠠ ᠱᠦᠵᠢ ᠶᠢᠨ 2 | ᠳ᠋ᠤᠭᠠᠷ ᠰᠠᠷ᠎ᠠ ᠶᠢᠨ 22 ᠤᠨ ᠡᠳᠦᠷ ᠴᠢᠩ ᠱᠦᠶ ᠾᠧ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ | ᠬᠤᠪᠢᠶᠠᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠶᠦᠨ | ᠯᠢᠨ ᠴᠢᠶᠦ᠋ᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ 《 | ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠣᠭᠤᠮᠲᠠ ᠰᠢᠪᠲᠤᠯᠬᠤ ᠡᠷᠴᠢ ᠵᠣᠷᠢᠭ | ᠢᠶᠠᠷ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠢᠳᠬᠦᠯ ᠴᠢᠷᠮᠠᠶᠢᠯᠭ᠎ᠠ ᠪᠠᠷ ᠴᠢᠩ ᠱᠦᠶ ᠾᠧ ᠰᠢᠶᠠᠨ ᠤ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠬᠤᠭᠤᠴᠠᠭᠠᠨ ᠳᠠᠬᠢ ᠡᠯ᠎ᠡ ᠵᠦᠶᠯ ᠤᠨ ᠠᠵᠢᠯ | ᠢ ᠰᠠᠶᠢᠲᠤᠷ ᠡᠬᠢᠯᠡᠭᠦᠯᠬᠦ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠱᠢ ᠶᠦᠩ ᠫᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳ᠋ᠦ᠋ | ᠬᠦᠶ ᠵᠥᠩ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠳᠥᠷᠪᠡᠳᠦᠭᠡᠷ ᠬᠤᠷᠠᠯᠳᠤᠭᠠᠨ᠂ ᠸᠠᠩ ᠯᠢ ᠰᠢᠶᠠ ᠱᠦᠵᠢ ᠶᠢᠨ 2 ᠳ᠋ᠤᠭᠠᠷ ᠰᠠᠷ᠎ᠠ ᠶᠢᠨ 22 ᠤᠨ ᠦᠳᠡ ᠶᠢᠨ | ᠬᠤᠶᠢᠨ᠎ᠠ ᠴᠢᠩ ᠱᠦᠶ ᠾᠧ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ | ᠳᠤ ᠣᠷᠣᠯᠴᠠᠬᠤ ᠳᠠᠭᠠᠨ ᠬᠡᠯᠡᠭᠰᠡᠨ ᠦᠭᠡ ᠶᠢᠨ ᠵᠣᠷᠢᠭ ᠰᠠᠨᠠᠭ᠎ᠠ ᠪᠣᠯᠤᠨ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠵᠣᠷᠢᠭ | ᠰᠠᠨᠠᠭ᠎ᠠ ᠶᠢ ᠨᠠᠷᠢᠨ ᠨᠢᠮᠪᠠᠶ ᠤᠯᠠᠮᠵᠢᠯᠠᠪᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠵᠠᠩ ᠺᠧ ᠯᠢᠩ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠨᠠᠷᠢᠨ | ᠣᠶᠢᠯᠠᠭᠠᠬᠤ ᠪᠠ ᠬᠤᠳᠠ ᠶᠢᠨ ᠨᠠᠮ ᠤᠨ ᠬᠤᠷᠢᠶ᠎ᠠ ᠶᠢ ᠣᠨᠣᠪᠴᠢᠲᠠᠢ ᠡᠵᠡᠮᠳᠡᠬᠦ ᠶᠢᠨ ᠲᠣᠭᠤᠷᠢᠨ ᠳᠤ᠂ ᠬᠤᠲᠠ ᠶᠢᠨ | ᠵᠠᠰᠠᠭ ᠤᠨ ᠣᠷᠳᠣᠨ ᠠᠴᠠ ᠴᠢᠩ ᠱᠦᠶ ᠾᠧ ᠰᠢᠶᠠᠨ ᠳᠤ ᠲᠠᠯᠪᠢᠭᠰᠠᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ᠂ | 《 ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ | ᠶᠢᠨ ᠬᠤᠰᠢᠭᠤᠴᠢ ᠪᠣᠯᠬᠤ ᠲᠤᠬᠠᠶ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ | ᠪᠣᠯᠬᠤ᠂ ᠪᠣᠬᠢᠷᠲᠤᠯ ᠥᠬᠡᠶ ᠬᠤᠯᠢᠮᠠᠭ ᠠᠮᠤ ᠶᠢᠨ ᠲᠥᠷᠥᠯ ᠲᠡᠮᠳᠡᠭᠲᠦ᠂ ᠰᠣᠶᠣᠯ ᠵᠢᠭᠤᠯᠴᠢᠯᠠᠯ ᠤᠨ ᠠᠵᠤ ᠦᠶᠯᠡᠰ | ᠢᠶᠠᠷ ᠶᠠᠰᠤ ᠴᠢᠨᠠᠷ ᠢ ᠬᠦᠴᠦᠷᠬᠡᠭᠵᠢᠭᠦᠯᠬᠦ ᠵᠡᠷᠭᠡ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ 《 ᠠᠷᠪᠠᠨ | ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠪᠦᠬᠦ | ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 《 ᠤᠯᠤᠰ ᠲᠦᠷᠦ ᠶᠢ ᠡᠷᠬᠢᠮᠯᠡᠵᠦ᠂ ᠵᠢᠳᠬᠦᠯ | ᠴᠢᠷᠮᠠᠶᠢᠯᠭ᠎ᠠ ᠭᠠᠷᠭᠠᠬᠤ 》 ᠦᠵᠡᠯ ᠰᠠᠨᠠᠭᠠᠨ ᠤ ᠤᠬᠠᠮᠰᠠᠷ ᠢ ᠪᠤᠢ ᠪᠣᠯᠭᠠᠵᠤ᠂ ᠪᠠᠭ ᠢ ᠠᠳᠬᠤᠬᠤ᠂ ᠡᠩᠨᠡᠭᠡ ᠶᠢ | ᠳᠠᠭᠠᠭᠤᠯᠬᠤ ᠳᠡᠭᠡᠷ᠎ᠡ ᠬᠦᠴᠦ ᠣᠷᠣᠭᠤᠯᠵᠤ᠂ ᠬᠦᠴᠦ ᠣᠷᠣᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ | ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠳᠠ ᠶᠢᠨ | 《 ᠬᠤᠶᠠᠷ ᠬᠤᠷᠠᠯ 》 ᠤᠨ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠢ ᠪᠠᠷᠢᠮᠵᠢᠶᠠᠯᠠᠨ ᠬᠠᠷᠭᠤᠭᠤᠯᠵᠤ᠂ ᠬᠤᠳᠠ ᠶᠢᠨ | ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠬᠢᠴᠠ ᠪᠠᠨ | ᠴᠢᠩᠭ᠎ᠠ ᠠᠳᠬᠤᠵᠤ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ | ᠲᠠᠢ ᠪᠠᠷ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠣᠶ ᠰᠢᠭᠤᠶ ᠡᠪᠡᠰᠦ ᠪᠡᠯᠴᠢᠭᠡᠷ᠂ ᠤᠰᠤᠨ ᠤ ᠶᠠᠪᠤᠳᠠᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ ᠰᠠᠯᠠᠭ᠎ᠠ | ᠮᠥᠴᠢᠷ ᠤᠨ ᠬᠢᠨ ᠡᠬᠢ ᠪᠠᠶᠠᠯᠢᠭ᠂ ᠪᠠᠯᠠ ᠮᠥᠩᠭᠦ᠂ ᠴᠢᠳᠠᠪᠤᠷᠢᠲᠠᠨ ᠵᠡᠷᠭᠡ ᠲᠠᠯ᠎ᠠ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠬᠡᠷᠡᠭᠵᠢᠭᠦᠯᠵᠦ ᠪᠣᠯᠬᠤᠶᠢᠴᠠ ᠪᠦᠲᠦᠮᠵᠢᠲᠡᠶ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ ᠬᠠᠲᠤᠨ | ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠡᠭᠦᠷᠭᠡ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠴᠢᠩᠭ᠎ᠠ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ | ᠪᠠᠷᠢᠮᠲᠠᠯᠠᠵᠤ᠂ ᠲᠦᠷᠦᠯ ᠵᠦᠢᠯ ᠢ ᠬᠡᠷᠡᠭᠵᠢᠭᠦᠯᠬᠦ ᠪᠣᠭᠤᠮᠲᠠ ᠶᠢ ᠰᠠᠶᠢᠲᠤᠷ ᠰᠠᠬᠢᠵᠤ᠂ ᠬᠥᠭᠵᠢᠯᠲᠡ ᠬᠡᠯᠪᠡᠶᠢᠬᠦ ᠦᠭᠡᠢ | ᠂ ᠪᠦᠳᠦᠭᠡᠨ ᠪᠠᠶᠢᠭᠤᠯᠤᠯᠲᠠ ᠥᠭᠡᠷᠡᠲᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ 《 ᠪᠠᠷᠤᠭ ᠲᠥᠯᠥᠪ 》 | 《 ᠥᠩᠭᠡᠷᠡᠵᠦ ᠪᠣᠯᠬᠤ 》 ᠦᠵᠡᠯ ᠰᠠᠨᠠᠭᠠᠨ ᠤ ᠲᠠᠨᠢᠯᠲᠠ ᠶᠢ ᠡᠷᠡᠰ ᠠᠷᠢᠯᠭᠠᠵᠤ᠂ ᠪᠥᠬᠦ ᠬᠤᠲᠠ᠂ ᠪᠥᠬᠦ | ᠣᠷᠣᠨ ᠴᠢᠨᠠᠭᠰᠢᠯᠠᠪᠠᠯ ᠪᠥᠬᠦ ᠤᠯᠤᠰ ᠤᠨ ᠲᠡᠷᠢᠭᠦᠨ ᠤ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ ᠪᠠᠷᠢᠮᠵᠢᠶᠠᠯᠠᠵᠤ᠂ | ᠬᠡᠪ ᠳᠠᠭᠤᠷᠢᠶᠠᠯ ᠤᠨ ᠤᠬᠠᠮᠰᠠᠷ ᠢᠶᠠᠷ ᠠᠵᠢᠯ ᠢᠶᠠᠨ ᠥᠨᠳᠥᠷ ᠲᠦᠪᠰᠢᠨ ᠲᠠᠢ ᠠᠳᠬᠤᠵᠤ᠂ ᠶᠠᠰᠤ ᠴᠢᠨᠠᠷ ᠲᠠᠢ | ᠠᠳᠬᠤᠬᠤ ᠬᠡᠷᠡᠭᠲᠡᠶ ᠭᠡᠵᠡᠢ᠃ | ᠶᠦᠨ ᠯᠢᠨ ᠴᠢᠶᠦ᠋ᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠡᠳᠬᠢᠯ ᠢᠶᠠᠨ | ᠲᠣᠭᠲᠠᠪᠤᠷᠢᠵᠢᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠺᠠᠳ᠋ᠷ ᠤᠨ ᠡᠩᠨᠡᠭᠡ ᠶᠢ ᠵᠣᠬᠢᠰᠲᠠᠢ ᠪᠠᠶᠢᠷᠢᠯᠠᠭᠤᠯᠵᠤ᠂ | 《 ᠨᠢᠭᠡ ᠶᠢ ᠰᠠᠶᠢᠲᠤᠷ ᠬᠡᠷᠡᠭᠯᠡᠪᠡᠯ ᠨᠢᠭᠡ ᠶᠢ ᠳᠠᠶᠢᠴᠢᠯᠠᠬᠤ 》 ᠵᠢᠱᠢᠶ᠎ᠡ ᠦᠵᠡᠭᠦᠯᠬᠦ ᠦᠢᠯᠡᠳᠦᠯ ᠢᠶᠠᠷ | ᠬᠤᠭᠤᠴᠠᠭ᠎ᠠ ᠰᠣᠯᠢᠬᠤ ᠵᠡᠷᠭᠡ ᠠᠵᠢᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ᠃ ᠠᠵᠢᠯ ᠢᠶᠠᠨ ᠪᠣᠳᠠᠲᠠᠶ ᠲᠥᠯᠥᠪᠵᠢᠭᠦᠯᠵᠦ᠂ ᠲᠥᠷᠥᠯ ᠵᠦᠶᠯ ᠢ ᠴᠢᠩᠭ᠎ᠠ ᠠᠳᠬᠤᠵᠤ᠂ ᠸᠠᠩ | ᠯᠢ ᠰᠢᠶᠠ ᠱᠦᠵᠢ ᠶᠢᠨ ᠳᠤᠷᠠᠳᠤᠭᠰᠠᠨ 《 ᠴᠢᠩ ᠱᠦᠶ ᠾᠧ ᠰᠢᠶᠠᠨ ᠰᠢᠨ᠎ᠡ ᠣᠨᠣᠯᠵᠢᠬᠤᠨ ᠢ ᠡᠵᠡᠮᠰᠢᠵᠦ᠂ | ᠳᠥᠷᠪᠡᠨ ᠫᠠᠶᠢᠰᠠ ᠶᠢ ᠰᠠᠶᠢᠲᠤᠷ ᠬᠢᠬᠦ ᠬᠡᠷᠡᠭᠲᠡᠶ 》 ᠭᠡᠬᠦ ᠵᠢᠭᠠᠪᠤᠷᠢ ᠶᠢᠨ ᠱᠠᠭᠠᠷᠳᠠᠯᠭ᠎ᠠ ᠲᠠᠢ ᠬᠠᠷᠭᠤᠭᠤᠯᠤᠨ᠂ | ᠡᠭᠦᠷᠭᠡ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠵᠦ᠂ 《 ᠪᠠᠷᠢᠯᠭ᠎ᠠ ᠶᠢᠨ ᠵᠢᠷᠤᠭ 》 ᠢᠶᠠᠨ ᠵᠢᠭᠰᠠᠭᠠᠨ᠂ | 《 ᠴᠠᠭ ᠤᠨ ᠬᠦᠰᠦᠨᠦᠭᠲᠦ 》 ᠪᠠᠨ ᠲᠣᠳᠣᠷᠬᠠᠶᠢᠯᠠᠵᠤ᠂ 《 ᠴᠤᠪᠤᠷᠠᠯ ᠵᠢᠷᠤᠭ 》 ᠢᠶᠠᠨ ᠨᠠᠷᠢᠯᠢᠬᠵᠢᠭᠤᠯᠤᠨ᠂ | 《 ᠨᠢᠭᠡᠳᠦᠭᠡᠷ ᠹᠷᠣᠨᠲ ᠤᠨ ᠠᠵᠢᠯ ᠤᠨ ᠠᠷᠭ᠎ᠠ 》᠂ 《 ᠪᠢᠲᠡᠭᠦᠮᠵᠢᠯᠡᠭᠰᠡᠨ ᠠᠵᠢᠯ ᠤᠨ ᠠᠷᠭ᠎ᠠ 》 ᠪᠠᠷ 《 | ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠰᠠᠶᠢᠨ ᠡᠬᠢᠯᠡᠯᠲᠡ᠂ ᠰᠠᠶᠢᠨ ᠡᠬᠢᠯᠡᠯᠲᠡ ᠶᠢ | ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠡᠭᠡᠳᠦ ᠱᠠᠲᠤᠨ ᠤ | ᠬᠠᠪᠰᠤᠷᠤᠨ ᠲᠡᠳᠬᠦᠬᠦ ᠲᠥᠷᠥᠯ ᠵᠦᠶᠯ ᠤᠨ ᠬᠠᠭᠤᠳᠠᠰᠤ ᠶᠢ ᠪᠤᠴᠠᠭᠠᠨ ᠠᠪᠴᠢᠷᠠᠵᠤ᠂ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠠᠲᠠᠭᠤ ᠠᠷᠭ᠎ᠠ ᠬᠡᠮᠵᠢᠶ᠎ᠡ ᠠᠪᠴᠤ᠂ ᠪᠣᠳᠠᠲᠠᠶ ᠠᠮᠵᠢᠯᠲᠠ | ᠪᠦᠲᠦᠮᠵᠢ ᠪᠠᠷ ᠵᠣᠬᠢᠶᠠᠨ ᠪᠠᠶᠢᠭᠤᠯᠤᠯᠲᠠ ᠶᠢᠨ ᠢᠲᠡᠭᠡᠯ ᠢ ᠬᠠᠷᠢᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ | ᠬᠠᠩᠭᠠᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠲᠥᠰᠦᠪᠯᠡᠨ ᠲᠤᠬᠢᠷᠠᠭᠤᠯᠬᠤ ᠬᠡᠷᠡᠭᠲᠡᠢ᠃ ᠰᠢᠶᠠᠨ ᠭᠠᠵᠠᠷ | ᠤᠨ ᠲᠡᠰ ᠤᠨ ᠤᠳᠤᠷᠢᠳᠤᠯᠭ᠎ᠠ ᠰᠤᠷᠪᠤᠯᠵᠢᠯᠠᠬᠤ ᠳᠠᠭᠠᠭᠠᠴᠢᠯᠠᠬᠤ ᠬᠤᠯᠪᠣᠭᠠᠯᠠᠬᠤ ᠪᠠᠨ ᠴᠢᠩᠭᠠᠳᠬᠠᠵᠤ᠂ | ᠦᠨᠳᠦᠰᠦᠨ ᠱᠠᠳᠤ ᠶᠢ ᠬᠠᠪᠰᠤᠷᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠠᠷ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠵᠡᠷᠭᠡ ᠭᠠᠵᠠᠷ ᠤᠨ ᠲᠠᠰ ᠤᠨ | ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠶ᠃ |